ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠢᠶᠠᠷᠬᠤ ᠠᠷᠭ᠎ᠠ》ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ (ᠭᠤᠷᠪᠠ)
ᠨᠡᠶ᠋ᠢᠲᠡᠯᠡᠭᠰᠡᠨ ᠴᠠᠭ᠄ 2024-11-15

    ᠭᠤᠷᠪᠠᠳᠤᠭ᠋ᠠᠷ ᠪᠦᠯᠦᠭ ᠮᠡᠳᠡᠭᠦᠯᠬᠦ ᠪᠠ ᠦᠨᠡᠮᠰᠢᠬᠦ  
    ᠳᠣᠯᠣᠳᠤᠭ᠋ᠠᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠭᠤᠶᠤᠴᠢᠯᠠᠨ ᠮᠡᠳᠡᠭᠦᠯᠬᠦ ᠪᠠ ᠦᠨᠡᠮᠰᠢᠬᠦ ᠠᠵᠢᠯ᠎ᠢ ᠬᠣᠶᠠᠷ ᠵᠢᠯ᠎ᠳᠤ ᠨᠢᠭᠡ ᠤᠳᠠᠭ᠎ᠠ ᠶᠠᠪᠤᠭᠳᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ  ᠃
    (ᠨᠢᠭᠡ) ᠮᠡᠳᠡᠭᠦᠯᠬᠦ  ᠃ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠢᠨᠠᠬᠤ ᠪᠠ ᠪᠠᠲᠤᠯᠠᠨ ᠲᠠᠨᠢᠯᠴᠠᠭᠤᠯᠬᠤ ᠠᠵᠢᠯ᠎ᠢ ᠬᠠᠷᠢᠭᠤᠴᠠᠬᠤ ᠬᠡᠷᠡᠭᠲᠡᠶ  ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠶ᠎ᠠ ᠨᠢᠭᠡᠴᠡ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠨᠢᠭᠡᠴᠡ᠎ᠨᠦᠭᠦᠳ ᠮᠡᠳᠡᠭᠦᠯᠬᠦ ᠮᠠᠲ᠋ᠧᠷᠢᠶᠠᠯ ᠵᠶ᠋ᠠᠨ ᠰᠢᠭᠤᠳ ᠮᠡᠳᠡᠭᠦᠯᠦᠨ ᠬᠦᠷᠭᠡᠵᠦ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠦᠭᠦᠯᠬᠦ ᠬᠡᠷᠡᠭᠲᠡᠶ  ᠃ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠲᠤᠷᠠᠨ ᠭᠤᠶᠤᠴᠢᠯᠠᠨ ᠮᠡᠳᠡᠭᠦᠯᠬᠦ᠎ᠳᠤ ᠨᠢᠭᠡᠨ ᠭᠣᠤᠯ ᠲᠦᠰᠢᠭ ᠪᠣᠯᠬᠤ ᠨᠢᠭᠡᠴᠡ ᠵᠢ ᠵᠢᠭ᠋ᠠᠨ ᠲᠣᠭᠲᠠᠭ᠋ᠠᠬᠤ ᠬᠡᠷᠡᠭᠲᠡᠶ  ᠃
      ᠲᠣᠰ ᠠᠷᠭ᠎ᠠ ᠵᠢᠨ ᠭᠤᠶᠤᠴᠢᠯᠠᠨ ᠮᠡᠳᠡᠭᠦᠯᠬᠦ ᠬᠡᠪᠴᠢᠶ᠎ᠡ ᠪᠠ ᠨᠥᠬᠥᠴᠡᠯ᠎ᠳᠤ ᠨᠡᠢ᠌ᠴᠡᠬᠦ ᠨᠢᠭᠡᠴᠡ ᠪᠦᠬᠦᠨ ᠴᠥᠮ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠫᠤᠷᠲ᠋ᠧᠯ ᠰᠦᠯᠵᠢᠶ᠎ᠡ᠎ᠪᠠᠷ ᠳᠡᠮᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠠᠭ᠋ᠠᠳᠯᠠᠨ ᠲᠣᠭᠲᠠᠭ᠋ᠠᠬᠤ ᠭᠤᠶᠤᠴᠢᠯᠠᠯ᠎ᠤᠨ ᠪᠢᠴᠢᠭ》᠎ᠢ ᠪᠠᠭᠤᠯᠭ᠋ᠠᠨ ᠠᠪᠴᠤ ᠲᠠᠭᠯᠠᠨ ᠮᠡᠳᠡᠭᠦᠯᠵᠦ᠂ ᠬᠠᠮᠢᠶ᠎ᠠ ᠪᠥᠬᠥᠶ ᠭᠡᠷᠡᠴᠢᠯᠡᠯ ᠬᠢᠬᠦ ᠮᠠᠲ᠋ᠧᠷᠢᠶᠠᠯ ᠬᠠᠩᠭ᠋ᠠᠬᠤ ᠵᠢᠨ ᠬᠠᠮᠲᠤ᠂ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠪᠠ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠢ ᠪᠠᠲᠤᠯᠠᠬᠤ ᠬᠡᠷᠡᠭᠲᠡᠶ  ᠃
   (ᠬᠣᠶᠠᠷ) ᠬᠦᠯᠢᠶᠡᠨ ᠠᠪᠴᠤ ᠰᠢᠢᠳᠪᠦᠷᠢᠯᠡᠬᠦ  ᠃ ᠮᠡᠳᠡᠭᠦᠯᠬᠦ ᠨᠢᠭᠡᠴᠡ ᠵᠢᠨ ᠮᠡᠳᠡᠭᠦᠯᠬᠦ ᠮᠠᠲ᠋ᠧᠷᠢᠶᠠᠯ᠎ᠢ ᠪᠠᠢ᠌ᠭ᠎ᠠ ᠠᠢ᠌ᠮᠠᠭ ᠬᠣᠲᠠ ᠵᠢᠨ ᠵᠶ᠋ᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠨᠢᠭᠡᠳᠦᠯᠲᠡᠶ ᠮᠡᠳᠡᠭᠦᠯᠦᠨ ᠬᠦᠷᠭᠡᠨ᠎ᠡ  ᠃
      ᠨᠠᠢᠮᠠᠳᠤᠭ᠋ᠠᠷ ᠵᠦᠢᠯ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ  ᠃
   (ᠨᠢᠭᠡ) ᠬᠢᠨᠠᠨ ᠲᠣᠭᠲᠠᠭ᠋ᠠᠬᠤ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠲᠤᠰ ᠠᠷᠭ᠎ᠠ᠎ᠳᠤ ᠲᠣᠭᠲᠠᠭ᠋ᠠᠭᠰᠠᠨ ᠭᠤᠶᠤᠴᠢᠯᠠᠨ ᠮᠡᠳᠡᠭᠦᠯᠬᠦ ᠨᠥᠬᠥᠴᠡᠯ᠎ᠢ ᠦᠨᠳᠦᠰᠦᠯᠡᠨ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠲᠥᠷᠥᠯ ᠢᠯᠭ᠋ᠠᠯ᠎ᠢ ᠦᠨᠳᠦᠰᠦᠯᠡᠨ 5 - 9 ᠲᠤᠰᠬᠠᠶ ᠮᠡᠷᠭᠡᠵᠢᠯᠲᠡᠨ᠎ᠢ ᠰᠢᠯᠢᠨ ᠰᠣᠩᠭᠣᠵᠤ᠂ ᠡᠷᠬᠡ ᠲᠡᠭᠰᠢ᠂ ᠲᠥᠪ ᠭᠣᠣᠯᠴᠢ ᠪᠠᠢ᠌ᠬᠤ ᠵᠠᠷᠴᠢᠮ᠎ᠤᠨ ᠶᠣᠰᠣᠭ᠋ᠠᠷ᠂ ᠭᠤᠶᠤᠴᠢᠯᠠᠨ ᠮᠡᠳᠡᠭᠦᠯᠦᠭᠰᠡᠨ ᠮᠠᠲ ᠧᠷᠢᠶᠠᠯ᠎ᠳᠤ ᠬᠢᠨᠠᠨ ᠲᠣᠭᠲᠠᠭ᠋ᠠᠯᠲᠠ ᠬᠢᠵᠦ᠂ ᠰᠢᠯᠢᠳᠡᠭ᠎ᠢ᠎ᠨᠢ ᠰᠣᠩᠭᠣᠨ ᠬᠢᠨᠠᠨ ᠲᠣᠭᠲᠠᠭ᠋ᠠᠨ᠎ᠠ  ᠃ ᠴᠢᠬᠤᠯᠠ᠎ᠲᠠᠢ ᠦᠶ᠎ᠡ᠎ᠳᠤ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠯᠲᠠ ᠬᠢᠵᠦ ᠪᠣᠯᠤᠨ᠎ᠠ  ᠃
   (ᠬᠣᠶᠠᠷ) ᠵᠠᠷᠯᠠᠨ ᠨᠡᠢ᠌ᠲᠡᠯᠡᠬᠦ  ᠃ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠲᠢᠩᠬᠢᠮ᠎ᠤᠨ ᠫᠤᠷᠲ᠋ᠧᠯ ᠰᠦᠯᠵᠢᠶᠡᠨ ᠳᠡᠭᠡᠷ᠎ᠡ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ  ᠃ ᠣᠨᠳᠣᠣ ᠰᠠᠨᠠᠯ᠎ᠲᠠᠢ ᠪᠣᠯ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠦᠨᠡᠨ ᠨᠡᠷ᠎ᠡ᠎ᠪᠠᠷ ᠵᠶ᠋ᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠪᠢᠴᠢᠭ ᠵᠶ᠋ᠡᠷ ᠳᠤᠷᠠᠳᠬᠤ ᠵᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ ᠧᠷᠢᠶᠠᠯ ᠬᠠᠩᠭ᠋ᠠᠵᠤ᠂ ᠬᠤᠭᠤᠴᠠᠭ᠎ᠠ ᠬᠡᠲᠦᠷᠡᠭᠰᠡᠨ ᠪᠠ ᠨᠡᠷ᠎ᠡ ᠪᠤᠷᠤᠭᠤᠯᠠᠭᠰᠠᠨ ᠣᠨᠳᠣᠣ ᠰᠠᠨᠠᠯ᠎ᠢ ᠬᠦᠯᠢᠶᠡᠨ ᠠᠪᠴᠤ ᠰᠢᠢᠳᠪᠦᠷᠢᠯᠡᠬᠦ ᠦᠭᠡᠶ  ᠃
    (ᠭᠤᠷᠪᠠ) ᠦᠨᠡᠮᠰᠢᠬᠦ  ᠃ ᠨᠡᠢ᠌ᠲᠡ᠎ᠳᠤ ᠵᠠᠷᠯᠠᠭᠰᠠᠨ ᠬᠤᠭᠤᠴᠠᠭ᠎ᠠ᠎ᠨᠢ ᠳᠠᠭᠤᠰᠤᠭ᠋ᠠᠳ ᠣᠨᠳᠣᠤ ᠰᠠᠨᠠᠯ ᠥᠬᠡᠶ ᠪᠤᠶᠤ ᠪᠠᠢ᠌ᠴᠠᠭ᠋ᠠᠭᠰᠠᠨ ᠣᠨᠳᠣᠤ ᠰᠠᠨᠠᠯ᠎ᠨᠢ ᠲᠣᠭᠲᠠᠵᠤ ᠳᠡᠢ᠌ᠯᠬᠦ ᠥᠬᠡᠶ ᠪᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》᠎ᠤᠨ ᠫᠠᠢ᠌ᠰᠠ ᠣᠯᠭᠣᠵᠤ᠂ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠣᠯᠬᠤ ᠵᠢ ᠮᠠᠭ᠋ᠠᠳᠯᠠᠨ ᠲᠣᠭᠲᠠᠭ᠋ᠠᠵᠤ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠳᠠᠬᠢᠨ ᠬᠢᠨᠠᠭᠤᠯᠬᠤ ᠬᠡᠷᠡᠭᠲᠡᠶ  ᠃
      ᠳᠥᠷᠪᠡᠳᠦᠭᠡᠷ ᠪᠦᠯᠦᠭ ᠠᠵᠢᠯᠯᠠᠭ᠋ᠠᠨ᠎ᠤ ᠱᠠᠭ᠋ᠠᠷᠳᠠᠯᠭ᠎ᠠ
      ᠶᠢᠰᠦᠳᠦᠭᠡᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠲᠤᠰ ᠪᠡᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠴᠢ ᠠᠵᠢᠯ᠎ᠤᠨ ᠳᠦᠷᠢᠮ ᠵᠶ᠋ᠡᠨ ᠲᠡᠭᠦᠯᠳᠡᠷᠵᠢᠭᠦᠯᠦᠨ᠂ ᠲᠤᠰ ᠪᠡᠶ᠎ᠡ ᠵᠢᠨ ᠣᠨᠴᠠᠯᠢᠭ ᠵᠶ᠋ᠠᠨ ᠭᠦᠢᠴᠡᠳ ᠪᠠᠳᠠᠷᠠᠭᠤᠯᠵᠤ᠂ ᠢᠯᠠᠩᠭᠤᠶ᠎ᠠ ᠦᠨᠳᠦᠰᠦᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠴᠢᠬᠤᠯᠠᠴᠢᠯᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠣᠯᠤᠨ ᠪᠠᠲᠤᠯᠠᠨ ᠲᠠᠨᠢᠯᠴᠠᠭᠤᠯᠬᠤ ᠨᠢᠭᠡᠴᠢ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢ ᠬᠦᠯᠢᠶᠡᠨ ᠠᠪᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ  ᠃
    ᠠᠷᠪᠠᠳᠤᠭ᠋ᠠᠷ ᠵᠦᠢᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠵᠢᠯ ᠪᠦᠷᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠴᠢᠬᠤᠯᠠ ᠶᠡᠬᠡ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢᠨ ᠬᠤᠭᠤᠴᠠᠭ᠋ᠠᠨ᠎ᠳᠤ ᠣᠨᠴᠠᠯᠢᠭ ᠪᠦᠬᠦᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠢ᠌ᠭᠤᠯᠤᠨ ᠥᠷᠨᠢᠭᠦᠯᠵᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠ ᠤᠬᠠᠭᠤᠯᠤᠨ ᠳᠡᠯᠭᠡᠷᠡᠭᠦᠯᠬᠦ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠰᠠᠢ᠌ᠲᠤᠷ ᠬᠢᠵᠦ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢᠯᠡᠳᠦᠯ᠎ᠢ ᠢᠳᠡᠪᠬᠢᠲᠡᠶ ᠪᠠᠳᠠᠷᠠᠭᠤᠯᠬᠤ ᠬᠡᠷᠡᠭᠲᠡᠶ  ᠃
    ᠠᠷᠪᠠᠨ ᠨᠢᠭᠡᠳᠦᠭᠡᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠨᠢᠭᠡᠴᠢ᠎ᠳᠡᠭᠡᠨ ᠲᠦᠰᠢᠭᠯᠡᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢ ᠬᠠᠷᠢᠭᠤᠴᠠᠵᠤ᠂ ᠵᠠᠷᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠦᠨᠳᠦᠰᠦᠨ ᠨᠥᠬᠥᠴᠡᠯ᠎ᠤᠨ ᠪᠠᠲᠤᠯᠠᠭ᠎ᠠ ᠵᠢ ᠬᠠᠩᠭ᠋ᠠᠨ᠎ᠠ  ᠃
    ᠲᠠᠪᠤᠳᠤᠭ᠋ᠠᠷ ᠪᠦᠯᠦᠭ ᠬᠠᠮᠢᠶᠠᠷᠤᠯᠲᠠ ᠦᠢ᠍ᠯᠡᠴᠢᠯᠡᠭᠡ  ᠃
    ᠠᠷᠪᠠᠨ ᠬᠣᠶᠠᠳᠤᠭ᠋ᠠᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ ᠵᠢ ᠬᠠᠷᠢᠭᠤᠴᠠᠵᠤ᠂ ᠡᠯ᠎ᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠠᠵᠢᠯ᠎ᠤᠨ ᠪᠠᠢ᠌ᠴᠠᠭ᠋ᠠᠯᠲᠠ ᠵᠢ ᠴᠢᠩᠭ᠋ᠠᠳᠬᠠᠨ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ ᠥᠷᠨᠢᠭᠦᠯᠬᠦ ᠵᠢ ᠵᠢᠷᠤᠮᠵᠢᠭᠤᠯᠤᠨ ᠵᠢᠯᠣᠭᠣᠳᠴᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠴᠢᠳᠠᠪᠤᠷᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ  ᠃
    ᠠᠷᠪᠠᠨ ᠭᠤᠷᠪᠠᠳᠤᠭ᠋ᠠᠷ ᠵᠦᠢᠯ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠶ᠎ᠠ ᠣᠷᠣᠨ᠎ᠤ᠎ᠪᠠᠨ ᠳᠣᠲᠣᠷᠠᠬᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠬᠠᠷᠢᠶ᠎ᠠ ᠣᠷᠣᠨᠵᠢᠭᠤᠯᠤᠨ ᠬᠠᠮᠢᠶᠠᠷᠤᠯᠲᠠ ᠬᠢᠵᠦ᠂ ᠬᠡᠪᠰᠢᠭᠰᠡᠨ ᠪᠠᠢ᠌ᠴᠠᠭ᠋ᠠᠯᠲᠠ ᠵᠢᠨ ᠲᠣᠭᠲᠠᠴᠠ ᠵᠢ ᠪᠠᠢ᠌ᠭᠤᠯᠤᠨ᠂ ᠡᠳᠦᠷ ᠲᠤᠲᠤᠮ᠎ᠤᠨ ᠬᠠᠮᠢᠶᠠᠷᠤᠯᠲᠠ ᠵᠢ ᠥᠷᠨᠢᠭᠦᠯᠬᠦ ᠬᠡᠷᠡᠭᠲᠡᠶ  ᠃
    ᠠᠷᠪᠠᠨ ᠳᠥᠷᠪᠡᠳᠦᠭᠡᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠦᠨ᠎ᠡ  ᠃ ᠮᠠᠭ᠋ᠠᠳᠯᠠᠨ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ ᠪᠣᠯᠤᠨ᠎ᠠ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠳᠠᠬᠢᠨ ᠬᠢᠨᠠᠵᠤ ᠦᠨᠡᠯᠡᠨ ᠵᠢᠱ᠌ᠢᠬᠦ ᠬᠡᠷᠡᠭᠲᠡᠶ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠳᠠᠬᠢᠨ ᠬᠢᠨᠠᠵᠤ ᠦᠨᠡᠯᠡᠨ ᠵᠢᠱ᠌ᠢᠬᠦ ᠮᠡᠳᠡᠭᠳᠡᠯ ᠪᠠ ᠦᠨᠡᠯᠡᠨ ᠵᠢᠱ᠌ᠢᠬᠦ ᠨᠡᠷᠡᠰ᠎ᠢ ᠨᠡᠢ᠌ᠲᠡᠯᠡᠪᠡ  ᠃ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠦᠨᠡᠯᠡᠨ ᠲᠣᠭᠲᠠᠭ᠋ᠠᠬᠤ᠎ᠳᠤ ᠣᠷᠣᠯᠴᠠᠬᠤ᠎ᠳᠤ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠦᠬᠦᠢ ᠮᠠᠲ᠋ᠧᠷᠢᠶᠠᠯ᠎ᠢ ᠪᠡᠯᠡᠳᠬᠡᠵᠦ᠂ ᠪᠠᠲᠤᠯᠠᠨ ᠲᠠᠨᠢᠯᠴᠠᠭᠤᠯᠬᠤ ᠰᠠᠯᠠᠭ᠎ᠠ ᠮᠥᠴᠢᠷ ᠵᠶ᠋ᠡᠷ ᠬᠢᠨᠠᠭᠤᠯᠤᠭᠰᠠᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ  ᠃
    ᠠᠷᠪᠠᠨ ᠲᠠᠪᠤᠳᠤᠭ᠋ᠠᠷ ᠵᠦᠢᠯ ᠳᠠᠬᠢᠨ ᠬᠢᠨᠠᠬᠤ ᠠᠷᠭ᠎ᠠ ᠮᠠᠶᠢᠭ᠎ᠲᠤ ᠬᠤᠷᠠᠯ᠎ᠤᠨ ᠬᠢᠨᠠᠨ ᠲᠣᠭᠲᠠᠭ᠋ᠠᠬᠤ ᠪᠠ ᠪᠣᠳᠠᠲᠠᠶ ᠭᠠᠵᠠᠷ᠎ᠲᠤᠨᠢ ᠬᠢᠨᠠᠨ ᠪᠠᠢ᠌ᠴᠠᠭ᠋ᠠᠬᠤ ᠬᠣᠶᠠᠷ ᠱᠠᠲᠤ ᠦᠶ᠎ᠡ ᠪᠠᠭᠲᠠᠨ᠎ᠠ  ᠃
     (ᠨᠢᠭᠡ) ᠬᠤᠷᠠᠯ ᠵᠶ᠋ᠠᠷ ᠬᠢᠨᠠᠨ ᠲᠣᠭᠲᠠᠭ᠋ᠠᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠬᠠᠮᠢᠶ᠎ᠠ ᠪᠦᠬᠦᠢ ᠠᠵᠢᠯ ᠲᠥᠷᠥᠯ᠎ᠤᠨ ᠬᠦᠷᠢᠶᠡᠨ᠎ᠤ ᠮᠡᠷᠭᠡᠵᠢᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠢ ᠰᠣᠩᠭᠣᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠮᠡᠳᠡᠭᠦᠯᠦᠨ ᠬᠦᠷᠭᠡᠭᠰᠡᠨ ᠦᠨᠡᠯᠡᠨ ᠵᠢᠱ᠌ᠢᠭᠰᠡᠨ ᠮᠠᠲ᠋ᠧᠷᠢᠶᠠᠯ᠎ᠢ ᠰᠢᠯᠭ᠋ᠠᠷᠠᠭᠤᠯᠤᠨ᠎ᠠ  ᠃
    (ᠬᠣᠶᠠᠷ) ᠲᠤᠬᠠᠶ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠬᠤ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠬᠡᠰᠡᠭ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠰᠣᠩᠭᠣᠵᠤ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠬᠡᠷᠡᠭᠲᠡᠶ  ᠃
      ᠠᠷᠪᠠᠨ ᠵᠢᠷᠭᠤᠳᠤᠭ᠋ᠠᠷ ᠵᠦᠢᠯ ᠳᠠᠬᠢᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ᠎ᠢ 《ᠰᠢᠯᠢᠳᠡᠭ᠂ ᠰᠠᠢ᠌ᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ》 ᠭᠡᠵᠦ ᠳᠥᠷᠪᠡᠨ ᠳᠡᠰ ᠬᠤᠪᠢᠶᠠᠨ᠎ᠠ  ᠃ ᠡᠭᠦᠨ᠎ᠳᠤ᠂ ᠬᠤᠪᠢ ᠵᠢᠨ ᠬᠡᠮᠵᠢᠭᠳᠡᠯ᠎ᠨᠢ 85 - 100 ᠬᠤᠪᠢ ᠪᠣᠯ ᠰᠢᠯᠢᠳᠡᠭ᠂ 70 - 85 (ᠪᠠᠭᠲᠠᠬᠤ ᠦᠭᠡᠢ) ᠬᠤᠪᠢ ᠪᠣᠯ ᠰᠠᠢ᠌ᠨ᠂ ᠬᠤᠪᠢ ᠵᠢᠨ ᠬᠡᠮᠵᠢᠭᠳᠡᠯ᠎ᠨᠢ 60 - 70 (ᠪᠠᠭᠲᠠᠬᠤ ᠦᠭᠡᠢ) ᠬᠤᠪᠢ ᠪᠣᠯ ᠬᠢᠷᠢ ᠲᠡᠩᠴᠡᠭᠰᠡᠨ᠂ 60 (ᠪᠠᠭᠲᠠᠬᠤ ᠦᠭᠡᠢ) ᠬᠤᠪᠢ᠎ᠠᠴᠠ ᠳᠣᠷᠣᠭᠰᠢ ᠪᠣᠯ ᠬᠢᠷᠢ ᠲᠡᠩᠴᠡᠭᠰᠡᠨ ᠦᠭᠡᠢ  ᠃
      (ᠨᠢᠭᠡ) ᠵᠠᠷᠤᠳᠠᠯ᠎ᠤᠨ ᠳᠡᠮᠵᠢᠯᠭᠡ
      ᠲᠤᠬᠠᠶ ᠵᠢᠨ ᠵᠢᠯ᠎ᠤᠨ ᠳᠠᠬᠢᠨ ᠬᠢᠨᠠᠵᠤ ᠦᠨᠡᠯᠡᠨ ᠵᠢᠱ᠌ᠢᠭᠰᠡᠨ ᠶᠡᠷᠦᠩᠬᠡᠶ ᠲᠣᠭ᠎ᠠ ᠵᠢᠨ 30 %᠎ᠠᠴᠠ ᠬᠡᠲᠦᠷᠡᠬᠦ ᠥᠬᠡᠶ᠂ ᠳᠠᠬᠢᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠡᠷ ᠰᠢᠯᠢᠳᠡᠭ ᠪᠣᠯᠬᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠬᠠᠮᠤᠭ᠎ᠤᠨ ᠥᠨᠳᠥᠷ᠎ᠲᠡᠭᠡᠨ 20 ᠲᠦᠮᠡᠨ ᠲᠥᠭᠥᠷᠢᠭ᠎ᠤᠨ ᠵᠠᠷᠤᠳᠠᠯ᠎ᠤᠨ ᠳᠡᠮᠵᠢᠯᠭᠡ ᠦᠵᠡᠭᠦᠯᠵᠦ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ᠎ᠳᠤ ᠬᠡᠷᠡᠭᠯᠡᠨ᠎ᠡ  ᠃ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠵᠠᠷᠤᠳᠠᠯ ᠰᠦᠢ᠍ᠳᠬᠡᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠴᠢᠬᠤᠯᠠ ᠶᠡᠬᠡ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ᠎ᠳᠤ ᠬᠡᠷᠡᠭᠯᠡᠵᠦ ᠪᠣᠯᠤᠨ᠎ᠠ  ᠃ ᠵᠠᠷᠤᠳᠠᠯ᠎ᠢ ᠴᠠᠯᠢᠩ᠎ᠤᠨ ᠴᠢᠨᠠᠷᠲᠠᠶ ᠣᠷᠣᠯᠭ᠎ᠠ᠎ᠲᠠᠢ ᠬᠥᠮᠦᠰ᠎ᠤᠨ ᠴᠠᠯᠢᠩ᠂ ᠱᠠᠩᠨᠠᠯ᠎ᠤᠨ ᠮᠥᠩᠭᠥ᠂ ᠨᠡᠮᠡᠭᠦᠷᠢ ᠮᠥᠩᠭᠥ ᠨᠥᠬᠥᠪᠥᠷᠢ ᠮᠥᠩᠭᠥ ᠪᠠ ᠠᠰᠠᠷᠠᠮᠵᠢ ᠵᠡᠷᠭᠡ ᠵᠠᠷᠤᠯᠭ᠎ᠠ ᠵᠢ ᠵᠠᠷᠤᠴᠠᠭᠤᠯᠵᠤ ᠪᠣᠯᠬᠤ ᠦᠭᠡᠶ᠂ ᠵᠣᠭᠣᠰ ᠵᠶ᠋ᠠᠷ ᠲᠣᠷᠭ᠋ᠠᠬᠤ᠂ ᠪᠡᠯᠡᠭᠯᠡᠨ ᠬᠦᠷᠭᠡᠬᠦ᠂ ᠲᠤᠰᠠᠯᠠᠬᠤ᠂ ᠪᠡᠯᠡ ᠣᠷᠣᠭᠤᠯᠬᠤ ᠵᠡᠷᠭᠡ ᠵᠢ ᠵᠠᠷᠤᠴᠠᠭᠤᠯᠵᠤ ᠪᠣᠯᠬᠤ ᠦᠭᠡᠶ᠂ ᠶᠠᠮᠠᠷᠪᠠ ᠠᠷᠭ᠎ᠠ ᠮᠠᠶᠢᠭ ᠵᠶ᠋ᠠᠷ ᠬᠤᠪᠢ ᠵᠢᠨ ᠠᠰᠢᠭ ᠣᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ  ᠃ ᠲᠦᠰᠢᠭ ᠨᠢᠭᠡᠴᠡ᠎ᠨᠢ ᠶᠠᠮᠠᠷᠪᠠ ᠨᠡᠷ᠎ᠡ᠎ᠪᠠᠷ ᠵᠠᠷᠤᠳᠠᠯ᠎ᠤᠨ ᠳᠣᠲᠣᠷ᠎ᠠ᠎ᠠᠴᠠ ᠬᠠᠮᠢᠶᠠᠷᠤᠯᠲᠠ ᠵᠢᠨ ᠰᠦᠢᠳᠬᠡᠯ ᠭᠠᠷᠭ᠋ᠠᠨ ᠠᠪᠴᠤ ᠪᠣᠯᠬᠤ ᠥᠬᠡᠶ  ᠃
     (ᠬᠣᠶᠠᠷ) ᠬᠤᠭᠤᠴᠠᠭ᠎ᠠ ᠲᠣᠭᠲᠠᠭ᠋ᠠᠨ ᠴᠡᠭᠴᠡᠯᠡᠨ ᠵᠠᠰᠠᠭᠤᠯᠬᠤ ᠬᠡᠷᠡᠭᠲᠡᠶ  ᠃
    ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠄ 《br /》  ᠃
    1. ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠳᠠᠬᠢᠨ ᠬᠢᠨᠠᠭᠰᠠᠨ ᠮᠠᠲ᠋ᠧᠷᠢᠶᠠᠯ ᠵᠶ᠋ᠠᠨ ᠬᠤᠭᠤᠴᠠᠭ᠎ᠠ ᠶᠣᠰᠣᠭ᠋ᠠᠷ ᠲᠤᠰᠢᠶᠠᠭᠰᠠᠨ ᠦᠭᠡᠶ ᠪᠤᠶᠤ ᠳᠠᠬᠢᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠬᠢᠷᠢ ᠲᠡᠩᠴᠡᠭᠰᠡᠨ ᠦᠭᠡᠶ;
    2. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠭᠤᠯᠭ᠎ᠠ᠎ᠨᠢ ᠬᠠᠭᠤᠴᠢᠷᠠᠭᠰᠠᠨ ᠪᠤᠶᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠪᠡᠯᠡᠳᠬᠡᠮᠵᠢ᠎ᠨᠢ ᠬᠠᠭᠤᠴᠢᠷᠠᠵᠤ᠂ ᠬᠡᠪ᠎ᠤᠨ ᠶᠣᠰᠣᠭ᠋ᠠᠷ ᠠᠵᠢᠯᠯᠠᠬᠤ ᠪᠠ ᠭᠠᠳᠠᠭ᠋ᠠᠳᠤ ᠨᠡᠭᠡᠭᠡᠯᠲᠡ ᠬᠢᠵᠦ ᠳᠡᠢ᠌ᠯᠬᠦ ᠦᠭᠡᠶ ᠪᠣᠯᠤᠭᠰᠠᠨ;
    3. ᠦᠵᠡᠭᠴᠢᠳ ᠳᠡᠯᠭᠡᠨ ᠦᠵᠡᠭᠦᠯᠬᠦ ᠨᠥᠬᠥᠴᠡᠯ᠂ ᠬᠦᠯᠢᠶᠡᠨ ᠠᠪᠴᠤ ᠦᠢ᠍ᠯᠡᠴᠢᠯᠡᠬᠦ ᠬᠢᠷᠢ ᠬᠡᠮᠵᠢᠶ᠎ᠡ ᠵᠡᠷᠭᠡ᠎ᠳᠤ ᠰᠠᠨᠠᠯ ᠶᠡᠬᠡᠲᠡᠶ ᠮᠥᠷᠲᠡᠭᠡᠨ ᠮᠠᠭᠤ ᠨᠥᠯᠥᠭᠡ ᠦᠵᠡᠭᠦᠯᠦᠭᠰᠡᠨ;
     4. ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠵᠤ ᠳᠡᠢ᠌ᠯᠬᠦ ᠦᠭᠡᠶ  ᠃
    ᠴᠡᠭᠴᠡᠯᠡᠨ ᠰᠠᠢ᠌ᠵᠢᠷᠠᠭᠤᠯᠬᠤ ᠬᠤᠭᠤᠴᠠᠭ᠎ᠠ ᠬᠢᠵᠠᠭ᠋ᠠᠷ᠎ᠨᠢ ᠨᠢᠭᠡ ᠵᠢᠯ ᠪᠣᠯᠤᠨ᠎ᠠ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠨᠢ ᠬᠢᠷᠢ ᠲᠡᠩᠴᠡᠭᠰᠡᠨ ᠪᠠᠢ᠌ᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》 ᠵᠶ᠋ᠠᠷ ᠦᠷᠭᠦᠯᠵᠢᠯᠡᠨ ᠮᠠᠭ᠋ᠠᠳᠯᠠᠨ ᠲᠣᠭᠲᠠᠭ᠋ᠠᠨ᠎ᠠ  ᠃
    (ᠭᠤᠷᠪᠠ) ᠬᠢᠷᠢ ᠬᠡᠮ
᠎ᠢ ᠬᠦᠴᠦᠨ ᠦᠭᠡᠢ ᠪᠣᠯᠭ᠋ᠠᠨ᠎ᠠ  ᠃ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》᠎ᠤᠨ ᠨᠡᠷᠡᠢ᠌ᠳᠦᠯ᠎ᠢ ᠬᠦᠴᠦᠨ ᠥᠬᠡᠶ ᠪᠣᠯᠭ᠋ᠠᠵᠤ᠂ 3 ᠵᠢᠯ᠎ᠤᠨ ᠳᠣᠲᠣᠷ᠎ᠠ ᠳᠠᠬᠢᠨᠲᠠ ᠮᠡᠳᠡᠭᠦᠯᠵᠦ ᠪᠣᠯᠬᠤ ᠥᠬᠡᠶ᠄
    1. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠮᠵᠢ᠎ᠪᠠᠨ ᠨᠢᠭᠡᠨᠲᠡ ᠠᠯᠳᠠᠭᠰᠠᠨ ᠪᠤᠶᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠮᠥᠷᠲᠡᠭᠡᠨ ᠬᠤᠪᠢᠷᠠᠯᠲᠠ ᠭᠠᠷᠤᠭᠰᠠᠨ᠎ᠤ ᠳᠠᠷᠠᠭ᠎ᠠ ᠲᠤᠰ ᠠᠷᠭ᠎ᠠ ᠵᠢᠨ ᠦᠨᠡᠮᠰᠢᠬᠦ ᠨᠥᠬᠥᠴᠡᠯ᠎ᠳᠤ ᠨᠡᠢ᠌ᠴᠡᠬᠦ ᠦᠭᠡᠶ ᠪᠠᠢ᠌ᠵᠤ᠂ ᠲᠤᠰᠬᠠᠶ ᠮᠡᠷᠭᠡᠵᠢᠯᠲᠡᠨ ᠵᠶ᠋ᠡᠷ ᠬᠢᠨᠠᠨ ᠵᠥᠪᠯᠡᠭᠦᠯᠵᠦ᠂ ᠰᠢᠨᠵᠢᠯᠡᠨ ᠪᠠᠢ᠌ᠴᠠᠭ᠋ᠠᠭᠰᠠᠨ᠎ᠤ ᠳᠠᠷᠠᠭ᠎ᠠ ᠴᠣᠯᠠ᠎ᠪᠠᠨ ᠬᠦᠴᠦᠨ ᠦᠭᠡᠶ ᠪᠣᠯᠭ᠋ᠠᠬᠤ᠎ᠪᠠᠷ ᠰᠠᠨᠠᠭᠤᠯᠭ᠎ᠠ ᠭᠠᠷᠭ᠋ᠠᠭᠰᠠᠨ;
    2. ᠴᠡᠭᠴᠡᠯᠡᠨ ᠥᠭᠡᠷᠡᠴᠢᠯᠡᠬᠦ ᠵᠢ ᠲᠡᠪᠴᠢᠭᠰᠡᠨ᠂ ᠡᠰᠡᠬᠦᠯ᠎ᠡ ᠴᠡᠭᠴᠡᠯᠡᠨ ᠥᠭᠡᠷᠡᠴᠢᠯᠡᠭᠰᠡᠨ᠎ᠤ ᠳᠠᠷᠠᠭ᠎ᠠ ᠮᠥᠨ ᠯᠡ ᠨᠥᠬᠥᠴᠡᠯ᠎ᠳᠤ ᠨᠡᠢ᠌ᠴᠡᠬᠦ ᠥᠬᠡᠶ ᠪᠠᠢ᠌ᠬᠤ;
   3. ᠭᠤᠶᠤᠴᠢᠯᠠᠨ ᠮᠡᠳᠡᠭᠦᠯᠵᠦ ᠮᠠᠭ᠋ᠠᠳᠯᠠᠨ ᠲᠣᠭᠲᠠᠭ᠋ᠠᠬᠤ᠂ ᠳᠠᠬᠢᠨ ᠬᠢᠨᠠᠬᠤ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠡᠷᠭᠡ ᠦᠢᠯᠡ ᠠᠵᠢᠯᠯᠠᠭ᠎ᠠ᠎ᠲᠠᠢ ᠪᠠᠢ᠌ᠬᠤ;
   4. ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠬᠦᠨᠳᠦ ᠶᠡᠬᠡ ᠡᠨᠳᠡᠯ ᠭᠠᠷᠴᠤ᠂ ᠤᠯᠤᠰ᠂ ᠥᠪᠡᠷᠲᠡᠭᠡᠨ ᠵᠠᠰᠠᠬᠤ ᠣᠷᠣᠨ ᠪᠤᠶᠤ ᠬᠣᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠲᠣᠷᠭ᠋ᠠᠭᠳᠠᠭᠰᠠᠨ;
   5. ᠭᠠᠵᠢᠭᠤ ᠨᠣᠮᠯᠠᠯ᠂ ᠹᠧᠣᠳᠠᠯ᠎ᠤᠨ ᠮᠤᠬᠤᠷ ᠪᠢᠰᠢᠷᠡᠯ᠎ᠢ ᠤᠬᠠᠭᠤᠯᠤᠭᠰᠠᠨ ᠪᠤᠶᠤ ᠰᠢᠨᠵᠢᠯᠡᠬᠦ ᠤᠬᠠᠭ᠋ᠠᠨ᠎ᠤ ᠡᠰᠡᠷᠭᠦᠦ᠂ ᠬᠠᠭᠤᠷᠮᠠᠭ ᠰᠢᠨᠵᠢᠯᠡᠬᠦ ᠤᠬᠠᠭ᠋ᠠᠨ᠎ᠤ ᠠᠵᠢᠯᠯᠠᠭ᠎ᠠ ᠬᠢᠭᠰᠡᠨ;
    6. ᠣᠯᠠᠨ ᠨᠡᠢ᠌ᠲᠡ ᠵᠢᠨ ᠠᠰᠢᠭ ᠲᠤᠰᠠ ᠵᠢ ᠬᠣᠬᠢᠷᠠᠭᠤᠯᠤᠭᠰᠠᠨ ᠪᠤᠶᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠢ᠌ᠬᠤ;
   7. ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠤᠶᠤ ᠪᠠᠲᠤᠯᠠᠨ ᠲᠠᠨᠢᠯᠴᠠᠭᠤᠯᠤᠭᠰᠠᠨ ᠨᠢᠭᠡᠴᠡ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠣᠯᠭ᠎ᠠ ᠪᠠ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠭᠦᠷᠭᠡ ᠵᠢ ᠥᠯᠥ ᠭᠥᠯᠢᠶᠡᠨ ᠠᠪᠤᠭᠰᠠᠨ;
    8. ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠤᠴᠠ ᠵᠢ ᠵᠠᠳᠠᠷᠠᠭᠤᠯᠤᠭᠰᠠᠨ ᠪᠤᠶᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠬᠡᠷᠡᠭ ᠭᠠᠷᠤᠭᠰᠠᠨ  ᠃
    ᠠᠷᠪᠠᠨ ᠳᠣᠯᠣᠳᠤᠭ᠋ᠠᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠣᠳᠠᠲᠤ ᠬᠡᠷᠡᠭᠴᠡᠭᠡ ᠪᠠ ᠨᠥᠬᠥᠴᠡᠯ᠎ᠢ ᠦᠨᠳᠦᠰᠦᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠴᠢᠨᠠᠷ ᠰᠠᠢ᠌ᠲᠠᠶ ᠬᠥᠭᠵᠢᠯᠲᠡ ᠵᠢ ᠳᠡᠮᠵᠢᠵᠦ᠂ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠢ ᠲᠠᠨᠢᠯᠴᠠᠭᠤᠯᠬᠤ ᠬᠡᠷᠡᠭᠲᠡᠶ  ᠃ ᠡᠯ᠎ᠡ ᠬᠣᠰᠢᠭᠤ ᠰᠢᠶᠠᠨ ᠲᠣᠭᠣᠷᠢᠭ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠲᠠᠨᠢᠯᠴᠠᠭᠤᠯᠤᠨ ᠮᠡᠳᠡᠭᠦᠯᠬᠦ ᠵᠢ ᠵᠣᠷᠢᠭᠵᠢᠭᠤᠯᠤᠨ ᠳᠡᠮᠵᠢᠨ᠎ᠡ  ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠠᠵᠢᠯ ᠲᠥᠷᠥᠯ᠂ ᠲᠤᠰ ᠬᠦᠷᠢᠶᠡᠨ᠎ᠤ᠎ᠪᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠡᠭᠦᠳᠦᠨ ᠪᠠᠢ᠌ᠭᠤᠯᠬᠤ ᠵᠢ ᠪᠣᠢ᠌ᠵᠢᠭᠤᠯᠤᠨ ᠳᠡᠮᠵᠢᠬᠦ ᠬᠡᠷᠡᠭᠲᠡᠶ  ᠃
      ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
    ᠲᠣᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠮᠣᠩᠭᠣᠯ ᠰᠢᠨᠵᠢᠯᠡᠬᠦ ᠤᠬᠠᠭ᠋ᠠᠨ ᠮᠡᠷᠭᠡᠵᠢᠯ ᠲᠠᠷᠬᠠᠭ᠋ᠠᠭᠰᠠᠨ ᠵᠠᠰᠠᠭ ᠥᠰᠥᠭ [2018]6 ᠳ᠋ᠤᠭ᠋ᠠᠷ ᠲᠣᠭ᠋ᠠᠲᠤ) ᠵᠢ ᠬᠠᠮᠲᠤ᠎ᠳᠤᠨᠢ ᠬᠦᠴᠦᠨ ᠥᠬᠡᠶ ᠪᠣᠯᠭ᠋ᠠᠨ᠎ᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠲᠡᠮᠳᠡᠭᠯᠡᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠵᠢᠨ ᠬᠢᠨᠠᠨ ᠪᠠᠶ᠋ᠢᠴᠠᠭ᠋ᠠᠯᠲᠠ ᠵᠢᠨ ᠲᠡᠮᠳᠡᠭᠯᠡᠯ᠎ᠤᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠦᠨᠡᠯᠡᠨ ᠵᠢᠱ᠌ᠢᠬᠦ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠯᠲᠡ᠎ᠳᠠᠬᠢ 《ᠭᠠᠭᠴᠠ ᠥᠭᠦᠯᠡᠯ》᠎ᠤᠨ ᠮᠠᠭᠤ ᠤᠳᠤᠷᠢᠳᠤᠮᠵᠢ ᠵᠢ ᠡᠪᠲᠡᠬᠦ ᠲᠤᠬᠠᠶ ᠠᠷᠭ᠎ᠠ ᠬᠡᠮᠵᠢᠶ᠎ᠡ᠎ᠨᠦᠭᠦᠳ (ᠲᠤᠷᠰᠢᠨ ᠬᠡᠷᠡᠭᠵᠢᠭᠦᠯᠬᠦ)
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠬᠠᠮ ᠠᠷᠭ᠎ᠠ ᠬᠡᠮᠵᠢᠶ᠎ᠡ ᠠᠪᠴᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠲᠤᠯᠭ᠋ᠠᠭᠤᠷᠢᠯᠠᠭᠤᠯᠵᠤ ᠦᠢ᠍ᠯᠡᠳᠪᠤᠷᠢᠯᠡᠯ ᠵᠶ᠋ᠠᠨ ᠰᠡᠷᠭᠦᠭᠡᠬᠦ
 
            
Baidu
map