《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠲᠦᠷᠢᠮ》
2018 ᠣᠨ᠎ᠤ 12 ᠳ᠋ᠤᠭ᠋ᠠᠷ ᠰᠠᠷ᠎ᠠ ᠵᠢᠨ 6᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠲᠤᠭ᠋ᠠᠷ ᠬᠤᠷᠠᠯ ᠪᠦᠷᠢᠨ ᠪᠢᠯᠧᠲ ᠵᠶ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠲᠦᠷᠢᠮ》᠎ᠢ ᠪᠠᠲᠤᠯᠠᠪᠠ᠃ ᠤᠤᠯ᠎ᠤᠨ 《ᠲᠦᠷᠢᠮ》᠎ᠢ ᠬᠡᠷᠡᠭᠵᠢᠭᠦᠯᠦᠭᠰᠡᠨ ᠠᠷᠪᠠᠨ ᠨᠠᠶᠮᠠᠨ ᠵᠢᠯ᠎ᠤᠨ ᠲᠤᠷᠰᠢ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠬᠡᠵᠢᠯ᠎ᠤᠨ ᠳᠠᠪᠰᠢᠯᠲᠠ ᠪᠣᠯᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠶ ᠦᠶᠯᠡᠳᠦᠯ ᠦᠵᠡᠭᠦᠯᠪᠡ᠃ ᠭᠡᠲᠡᠯ᠎ᠡ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠤᠨ ᠲᠦᠷᠬᠡᠨ ᠬᠥᠭᠵᠢᠬᠦ ᠵᠢ ᠳᠠᠭ᠋ᠠᠯᠳᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠳᠤ ᠥᠩᠭᠡᠷᠡᠭᠰᠡᠨ᠎ᠤ᠎ᠬᠢ᠎ᠲᠠᠢ ᠠᠲᠠᠯᠢ ᠪᠤᠰᠤ ᠰᠢᠨ᠎ᠡ ᠪᠠᠶ᠋ᠢᠳᠠᠯ᠂ ᠰᠢᠨ᠎ᠡ ᠣᠨᠴᠠᠯᠢᠭ ᠢᠯᠡᠷᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠠᠵᠢᠯ᠎ᠳᠤ ᠪᠠᠰᠠ ᠮᠠᠰᠢ ᠤᠯᠠᠨ ᠰᠢᠨ᠎ᠡ ᠪᠠᠶ᠋ᠢᠳᠠᠯ ᠪᠠ ᠰᠢᠨ᠎ᠡ ᠠᠰᠠᠭᠤᠳᠠᠯ ᠲᠤᠯᠭ᠋ᠠᠷᠠᠵᠤ ᠪᠠᠶ᠋ᠢᠨ᠎ᠠ᠃ ᠤᠤᠯ᠎ᠤᠨ 《ᠲᠦᠷᠢᠮ》᠎ᠨᠢ ᠨᠢᠭᠡᠨᠲᠡ ᠰᠢᠨ᠎ᠡ ᠪᠠᠶ᠋ᠢᠳᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠵᠤ ᠴᠢᠳᠠᠬᠤ ᠥᠬᠡᠶ ᠪᠣᠯᠵᠠᠶ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠲᠦᠷᠢᠮ》᠎ᠢ 2019 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃ ᠡᠨᠡ ᠪᠣᠯ 2000 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠢᠰᠦᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠ ᠶᠢᠰᠦᠳᠦᠭᠡᠷ ᠤᠳᠠᠭ᠎ᠠ ᠵᠢᠨ ᠬᠤᠷᠠᠯᠳᠤᠭ᠋ᠠᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠲᠦᠷᠢᠮ》᠎ᠢ ᠪᠠᠲᠤᠯᠠᠭᠰᠠᠨ᠎ᠠᠴᠠ ᠨᠠᠰᠢ᠂ ᠲᠣᠰ 《ᠲᠦᠷᠢᠮ》᠎ᠳᠤ ᠠᠩᠬ᠎ᠠ ᠤᠳᠠᠭ᠎ᠠ ᠵᠠᠰᠠᠪᠤᠷᠢ ᠣᠷᠣᠭᠤᠯᠤᠭᠰᠠᠨ᠎ᠨᠢ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠠᠵᠢᠯ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠶ᠋ᠢᠨ᠎ᠠ᠃
ᠲᠤᠰᠬᠠᠶ ᠮᠡᠷᠭᠡᠵᠢᠯᠲᠡᠨ᠎ᠤ ᠲᠠᠶ᠋ᠢᠯᠤᠮᠵᠢ᠄
ᠡᠨᠡ ᠤᠳᠠᠭ᠋ᠠᠨ᠎ᠤ 《ᠳᠦᠷᠢᠮ》᠎ᠳᠤ ᠵᠠᠰᠠᠪᠤᠷᠢ ᠣᠷᠣᠭᠤᠯᠤᠭᠰᠠᠨ᠎ᠨᠢ 《ᠡᠷᠡᠰ ᠰᠢᠭᠤᠷᠬᠠᠶ》 ᠥᠭᠡᠷᠡᠴᠢᠯᠡᠯᠲᠡ ᠪᠤᠯᠤᠨ᠎ᠠ᠃ 《ᠳᠦᠷᠢᠮ》᠎ᠳᠤ ᠤᠤᠯ᠎ᠨᠢ 6 ᠪᠦᠯᠦᠭ 38 ᠵᠦᠢ᠍ᠯ ᠪᠠᠶ᠋ᠢᠵᠠᠶ᠂ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠣᠳᠣ 7 ᠪᠦᠯᠦᠭ 44 ᠵᠤᠷᠪᠤᠰ ᠪᠠᠶ᠋ᠢᠵᠤ᠂ ᠠᠭᠤᠯᠠᠨ᠎ᠠ᠎ᠨᠢ ᠦᠨᠲᠤᠰᠤᠨᠲᠡᠬᠡᠨ ᠪᠦᠬᠦ ᠲᠠᠯ᠎ᠠ᠎ᠪᠠᠷ ᠵᠠᠰᠠᠪᠤᠷᠢ ᠣᠷᠣᠭᠤᠯᠵᠤ᠂ ᠪᠦᠯᠦᠭ ᠬᠡᠰᠡᠭ ᠳᠡᠭᠡᠷ᠎ᠡ 《ᠶᠡᠷᠦᠩᠬᠡᠶ ᠲᠦᠷᠢᠮ》᠂ 《ᠵᠣᠬᠢᠶᠠᠨ ᠪᠠᠶ᠋ᠢᠭᠤᠯᠤᠨ ᠬᠡᠷᠡᠭᠵᠢᠭᠦᠯᠬᠦ》᠂ 《ᠬᠤᠪᠢᠷᠠᠭ ᠤᠯᠬᠤ ᠦᠶᠯᠡᠴᠢᠯᠡᠭᠡ》᠂ 《ᠪᠠᠲᠤᠯᠠᠭ᠎ᠠ ᠵᠢᠨ ᠠᠷᠭ᠎ᠠ ᠬᠡᠮᠵᠢᠶ᠎ᠡ》᠂ 《ᠮᠡᠷᠭᠡᠵᠢᠯ᠎ᠤᠨ ᠡᠷᠬᠡ ᠠᠰᠢᠭ》᠂ 《ᠬᠠᠤᠯᠢ ᠴᠠᠭ᠋ᠠᠵᠠ ᠵᠢᠨ ᠬᠠᠷᠢᠭᠤᠴᠠᠯᠭ᠎ᠠ》 ᠪᠠ 《ᠳᠠᠭ᠋ᠠᠯᠳᠤᠭᠤᠯᠤᠭᠰᠠᠨ ᠲᠦᠷᠢᠮ》 ᠭᠡᠵᠦ ᠠᠩᠭᠢᠯᠠᠵᠤ᠂ ᠵᠠᠰᠠᠪᠤᠷᠢ ᠤᠷᠤᠭᠤᠯᠤᠭᠰᠠᠨ ᠠᠭᠤᠯᠭ᠎ᠠ ᠵᠢᠨ ᠲᠠᠯ᠎ᠠ᠎ᠪᠠᠷ 7 ᠶᠡᠬᠡ ᠬᠢᠯᠠᠰ ᠴᠡᠭ᠎ᠢ ᠳᠣᠪᠣᠶ᠋ᠢᠯᠭ᠋ᠠᠪᠠ᠃
ᠨᠢᠭᠡ᠎ᠳᠤ᠂ ᠠᠵᠤ ᠠᠬᠤᠶ᠋ᠢᠯᠠᠯ᠎ᠤᠨ ᠪᠡᠶᠡᠴᠢ ᠴᠣᠭᠴᠠ ᠵᠢᠨ ᠪᠠᠶ᠋ᠢᠷᠢ ᠰᠠᠭᠤᠷᠢ ᠵᠢ ᠲᠤᠪᠤᠢ᠍ᠢ᠍ᠯᠭ᠋ᠠᠨᠠ᠃ ᠠᠵᠤ ᠠᠬᠤᠶ᠋ᠢᠯᠠᠯ ᠵᠶ᠋ᠠᠷ ᠭᠣᠣᠯ ᠴᠣᠭᠴᠠ ᠪᠣᠯᠭ᠋ᠠᠬᠤ ᠵᠢ ᠴᠢᠬᠤᠯᠠᠴᠢᠯᠠᠵᠤ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠭᠰᠠᠨ᠂ ᠠᠵᠤ ᠠᠬᠤᠶ᠋ᠢᠯᠠᠯ ᠲᠡᠬᠡᠲᠤ ᠰᠤᠷᠭ᠋ᠠᠭᠤᠯᠢ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ ᠭᠦᠨᠵᠡᠭᠡᠶ ᠠᠭᠤᠰᠤᠯᠴᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠤᠬᠡᠯᠢ ᠬᠤᠪᠢᠷᠠᠭᠤᠯᠬᠤ ᠲᠣᠭᠲᠠᠴᠠ᠎ᠨᠢ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢ ᠪᠠᠲᠠᠷᠠᠭᠤᠯᠵᠤ᠂ ᠴᠢᠭᠯᠡᠯ ᠰᠣᠩᠭᠣᠬᠤ᠂ ᠲᠥᠷᠥᠯ ᠵᠦᠶᠯ᠎ᠢ ᠬᠡᠷᠡᠭᠵᠢᠭᠦᠯᠬᠦ ᠪᠠ ᠦᠷ᠎ᠡ ᠪᠦᠲᠦᠭᠡᠯ᠎ᠢ ᠬᠡᠷᠡᠭᠯᠡᠬᠦ ᠳᠤᠮᠳᠠᠬᠢ ᠭᠣᠣᠯᠯᠠᠬᠤ ᠦᠶᠯᠡᠳᠦᠯ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠤᠨ᠎ᠠ᠃
ᠬᠣᠶᠠᠷ᠎ᠲᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠵᠢ ᠲᠤᠪᠤᠢ᠍ᠢ᠍ᠯᠭ᠋ᠠᠨᠠ᠃ 《ᠪᠠᠭᠤᠯᠭ᠋ᠠᠬᠤ ᠤᠶᠠᠯᠳᠤᠭᠤᠯᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠶᠠᠪᠤᠴᠠ᠎ᠳᠠᠬᠢ ᠵᠠᠰᠠᠭ᠎ᠤᠨ ᠣᠷᠳᠣᠨ᠎ᠤ ᠬᠦᠲᠤᠯᠤᠨ ᠵᠢᠯᠣᠭᠣᠳᠬᠤ᠂ ᠳᠡᠮᠵᠢᠬᠦ ᠪᠠ ᠦᠶᠯᠡᠴᠢᠯᠡᠬᠦ ᠴᠢᠳᠠᠮᠵᠢ ᠵᠢ ᠴᠢᠬᠤᠯᠠᠴᠢᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠦᠷ᠎ᠡ ᠪᠦᠲᠦᠭᠡᠯ᠎ᠢ ᠤᠯᠠᠷᠢᠭᠤᠯᠬᠤ ᠶᠠᠪᠤᠴᠠ᠎ᠳᠠᠬᠢ ᠪᠣᠳᠠᠲᠠᠶ ᠦᠶᠯᠡᠳᠦᠯ᠎ᠢ ᠨᠠᠷᠢᠯᠢᠬ᠍ᠵᠢᠭᠤᠯᠵᠠᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ 《ᠭᠤᠷᠪᠠᠨ ᠡᠷᠬᠡ》 ᠵᠢ ᠲᠡᠬᠡᠲᠤ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠪᠠᠭᠤᠯᠭ᠋ᠠᠵᠤ᠂ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠵᠢᠷᠤᠮᠯᠡᠨ ᠬᠤᠪᠢᠷᠠᠭᠤᠯᠬᠤ ᠠᠵᠢᠯᠯᠠᠭ᠎ᠠ ᠥᠷᠨᠢᠭᠦᠯᠦᠨ᠎ᠡ᠃
ᠭᠤᠷᠪᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠦᠶᠯᠡᠴᠢᠯᠡᠭᠡ ᠵᠢ ᠴᠢᠬᠤᠯᠠᠴᠢᠯᠠᠨ᠎ᠠ᠃ 《ᠦᠶᠯᠡᠴᠢᠯᠡᠭᠡ ᠬᠤᠪᠢᠷᠠᠭᠤᠯᠬᠤ》 ᠪᠦᠯᠦᠭ ᠪᠦᠯᠦᠭ᠎ᠢ ᠨᠡᠮᠡᠨ ᠪᠠᠶ᠋ᠢᠭᠤᠯᠵᠤ᠂ ᠡᠳ᠋᠎ᠤᠨ ᠵᠠᠰᠠᠭ᠎ᠤᠨ ᠲᠠᠷᠠᠭ᠋ᠠᠬᠢ ᠨᠥᠬᠥᠪᠥᠷᠢ᠎ᠪᠠᠷ ᠬᠥᠲᠥᠯᠥᠨ ᠵᠢᠯᠣᠭᠣᠳᠬᠤ ᠵᠢ ᠴᠢᠬᠤᠯᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠦᠶᠯᠡᠴᠢᠯᠡᠭᠡᠨ᠎ᠤ ᠪᠠᠢ᠌ᠭᠤᠯᠤᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠬᠢ ᠪᠠᠶᠠᠯᠢᠭ᠎ᠢ ᠨᠡᠶ᠋ᠢᠭᠡᠮ ᠨᠡᠶ᠋ᠢᠲᠡ᠎ᠪᠠᠷ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠨᠡᠶ᠋ᠢᠭᠡᠮ᠎ᠤᠨ ᠬᠦᠴᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠶᠯᠡᠴᠢᠯᠡᠭᠡ ᠥᠷᠨᠢᠭᠦᠯᠬᠦ ᠵᠢ ᠵᠣᠷᠢᠭᠵᠢᠭᠤᠯᠤᠨ᠎ᠠ᠃
ᠳᠥᠷᠪᠡ᠎ᠳᠤ᠂ ᠦᠷ᠎ᠡ ᠪᠦᠲᠦᠭᠡᠯ᠎ᠢ ᠬᠤᠪᠢᠷᠠᠭᠤᠯᠬᠤ ᠡᠯ᠎ᠡ ᠲᠠᠯ᠎ᠠ ᠵᠢᠨ ᠡᠷᠬᠡ ᠬᠠᠷᠢᠭᠤᠴᠠᠯᠭ᠎ᠠ ᠵᠢ ᠲᠤᠳᠤᠷᠬᠠᠢ᠌ᠯᠠᠨ᠎ᠠ᠃ ᠤᠯᠤᠰ᠂ ᠨᠢᠭᠡᠴᠡ᠂ ᠬᠤᠪᠢ ᠬᠥᠮᠦᠨ᠎ᠤ ᠠᠰᠢᠭ ᠲᠤᠰᠠ ᠵᠢ ᠲᠡᠩᠴᠡᠭᠦᠷᠢᠲᠡᠶ ᠪᠣᠯᠭ᠋ᠠᠭᠰᠠᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠲᠡᠬᠡᠲᠤ ᠰᠤᠷᠭ᠋ᠠᠭᠤᠯᠢ ᠵᠡᠷᠭᠡ ᠠᠵᠢᠯ ᠦᠢ᠍ᠯᠡᠰ᠎ᠤᠨ ᠨᠢᠭᠡᠴᠡ ᠵᠢᠴᠢ ᠦᠷ᠎ᠡ ᠪᠦᠲᠦᠭᠡᠯ᠎ᠢ ᠪᠡᠶᠡᠯᠡᠭᠦᠯᠦᠭᠴᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠶᠠᠪᠤᠴᠠ᠎ᠳᠠᠬᠢ ᠡᠷᠬᠡ ᠬᠠᠷᠢᠭᠤᠴᠠᠯᠭ᠎ᠠ ᠵᠢᠨ ᠬᠠᠷᠢᠴᠠᠭ᠎ᠠ ᠵᠢ ᠰᠢᠨ᠎ᠡ᠎ᠪᠠᠷ ᠵᠠᠭ᠋ᠠᠭᠯᠠᠨ ᠲᠣᠭᠲᠠᠭ᠋ᠠᠵᠤ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠦᠷ᠎ᠡ ᠪᠦᠲᠦᠭᠡᠯ᠎ᠢ ᠬᠤᠪᠢᠷᠠᠭᠤᠯᠬᠤ ᠢᠳᠡᠪᠬᠢᠵᠢᠯ᠎ᠢ ᠬᠦᠴᠤᠲᠠᠢ ᠬᠥᠭᠵᠢᠭᠡᠨ᠎ᠡ᠃
ᠲᠠᠪᠤ᠎ᠳᠤ᠂ ᠮᠡᠳᠡᠯᠭᠡ ᠵᠢᠨ ᠦᠨ᠎ᠡ ᠥᠷᠲᠡᠭ ᠵᠶ᠋ᠠᠷ ᠤᠳᠤᠷᠢᠳᠤᠮᠵᠢ ᠪᠣᠯᠭ᠋ᠠᠭᠰᠠᠨ ᠬᠤᠪᠢᠶᠠᠷᠢᠯᠠᠯᠲᠠ ᠵᠢᠨ ᠤᠷᠮᠠᠰᠢᠭᠤᠯᠤᠯ᠎ᠢ ᠪᠠᠷᠢᠮᠲᠠᠯᠠᠨ᠎ᠠ᠃ ᠦᠷ᠎ᠡ ᠪᠦᠲᠦᠭᠡᠯ᠎ᠤᠨ ᠪᠡᠶᠡᠯᠡᠭᠦᠯᠦᠭᠴᠢ ᠵᠢᠨ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠶᠠᠪᠤᠴᠠ᠎ᠳᠠᠬᠢ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠡᠷᠬᠡ ᠪᠠ ᠪᠠᠶ᠋ᠢᠳᠠᠯ᠎ᠢ ᠮᠡᠳᠡᠬᠦ ᠡᠷᠬᠡ ᠵᠢ ᠴᠢᠬᠤᠯᠠᠴᠢᠯᠠᠵᠤ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠡᠶᠡᠯᠡᠭᠦᠯᠬᠦ᠂ ᠭᠤᠢ᠌ᠪᠢᠷᠠᠭᠤᠯᠬᠤᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠢ ᠬᠥᠮᠦᠰ᠎ᠢ ᠱᠠᠩᠨᠠᠬᠤ ᠪᠠᠷᠢᠮᠵᠢᠶ᠎ᠠ ᠵᠢ ᠶᠡᠬᠡ ᠬᠡᠮᠵᠢᠶ᠎ᠡ᠎ᠪᠠᠷ ᠨᠡᠮᠡᠭᠳᠡᠭᠦᠯᠵᠦ᠂ ᠮᠡᠷᠭᠡᠵᠢᠯ᠎ᠤᠨ ᠨᠡᠭᠡᠭᠡᠯᠲᠡ᠂ ᠮᠡᠷᠭᠡᠵᠢᠯ᠎ᠤᠨ ᠯᠠᠷᠪᠠᠶ᠋ᠢᠯᠭᠠ᠂ ᠮᠡᠷᠭᠡᠵᠢᠯ᠎ᠤᠨ ᠦᠶᠯᠡᠴᠢᠯᠡᠭᠡᠨ᠎ᠤ ᠠᠵᠢᠯᠯᠠᠭ᠎ᠠ ᠬᠢᠵᠦ ᠪᠠᠢ᠌ᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠱᠠᠩᠨᠠᠬᠤ ᠪᠠᠷᠢᠮᠵᠢᠶ᠎ᠠ ᠵᠢ ᠲᠤᠲᠤᠷᠬᠠᠢ᠌ᠯᠠᠪᠠ᠃
ᠵᠢᠷᠭᠤᠭ᠎ᠠ᠎ᠳᠤ᠂ ᠠᠷᠠᠳ᠎ᠤᠨ ᠡᠵᠡᠩᠨᠡᠭᠰᠡᠨ ᠠᠵᠤ ᠠᠬᠤᠶ ᠵᠢ ᠲᠡᠮᠵᠢᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠤᠪᠢᠷᠠᠭᠤᠯᠬᠤ ᠠᠵᠢᠯᠯᠠᠭ᠎ᠠ᠎ᠳᠤ ᠣᠷᠣᠯᠴᠠᠬᠤ ᠵᠢ ᠬᠥᠲᠥᠯᠥᠨ ᠵᠢᠯᠣᠭᠣᠳᠬᠤ ᠪᠠ ᠳᠠᠮᠵᠢᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠬᠢᠭᠡᠳ ᠰᠤᠳᠤᠯᠤᠨ ᠨᠡᠭᠡᠭᠡᠬᠦ ᠪᠠᠶ᠋ᠢᠭᠤᠯᠤᠮᠵᠢ᠂ ᠲᠡᠬᠡᠲᠤ ᠵᠡᠷᠭᠡ ᠵᠢᠨ ᠰᠤᠷᠭ᠋ᠠᠭᠤᠯᠢ᠎ᠯᠤᠭ᠎ᠠ ᠦᠶᠯᠡᠳᠪᠦᠷᠢᠯᠡᠬᠦ ᠵᠢᠭ᠋ᠠᠬᠤ ᠰᠤᠳᠤᠯᠬᠤ ᠬᠠᠮᠲᠤᠷᠠᠯᠴᠠᠭ᠎ᠠ ᠥᠷᠨᠢᠭᠦᠯᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠬᠦᠳᠬᠦ᠎ᠳᠤ ᠦᠶᠯᠡᠴᠢᠯᠡᠭᠡ ᠬᠠᠩᠭ᠋ᠠᠬᠤ ᠵᠢ ᠳᠠᠮᠵᠢᠨ᠎ᠠ᠃
ᠲᠤᠯᠤᠭ᠎ᠠ᠎ᠳᠤ᠂ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠲᠡᠮᠵᠢᠨ᠎ᠠ᠃ ᠠᠵᠤ ᠠᠬᠤᠶ᠋ᠢᠯᠠᠯ᠂ ᠰᠤᠳᠤᠯᠤᠨ ᠨᠡᠭᠡᠭᠡᠬᠦ ᠪᠠᠶ᠋ᠢᠭᠤᠯᠤᠮᠵᠢ᠂ ᠲᠡᠬᠡᠲᠤ ᠵᠡᠷᠭᠡ ᠵᠢᠨ ᠰᠤᠷᠭ᠋ᠠᠭᠤᠯᠢ ᠵᠢᠨ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ᠎ᠳᠤ ᠣᠷᠣᠯᠴᠠᠬᠤ ᠵᠢ ᠵᠣᠷᠢᠭᠵᠢᠭᠤᠯᠤᠨ ᠳᠠᠮᠵᠢᠵᠤ᠂ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠂ ᠮᠡᠷᠭᠡᠵᠢᠯ ᠰᠢᠯᠵᠢᠭᠦᠯᠬᠦ ᠲᠠᠪᠴᠠᠩ ᠪᠤᠶᠤ ᠪᠠᠶ᠋ᠢᠭᠤᠯᠤᠮᠵᠢ᠎ᠳᠤ ᠨᠥᠬᠥᠪᠥᠷᠢ ᠥᠭᠴᠦ᠂ ᠴᠡᠷᠢᠭ᠎ᠤᠨ ᠬᠡᠷᠡᠭᠯᠡᠭᠡ᠂ ᠠᠷᠠᠳ᠎ᠤᠨ ᠬᠡᠷᠡᠭᠯᠡᠭᠡᠨ᠎ᠤ ᠮᠡᠷᠭᠡᠵᠢᠯ᠎ᠢ ᠬᠠᠷᠢᠯᠴᠠᠨ ᠰᠢᠯᠵᠢᠭᠦᠯᠬᠦ ᠪᠠ ᠬᠤᠪᠢᠷᠠᠭᠤᠯᠬᠤ ᠵᠢ ᠲᠦᠷᠭᠡᠳᠬᠡᠨ᠎ᠡ᠃