ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-08-26

  《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
    ᠣᠶ᠋ᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠨᠡᠶ᠋ᠢᠲᠡᠯᠡᠪᠡ᠃ 《ᠬᠠᠮᠢᠶᠠᠷᠤᠯᠲᠠ ᠵᠢᠨ ᠠᠷᠭ᠎ᠠ》 ᠵᠢᠨ ᠠᠭᠤᠯᠤᠭᠳᠠᠬᠤᠨ ᠪᠠ ᠴᠢᠬᠤᠯᠠ ᠠᠭᠤᠯᠭ᠎ᠠ ᠵᠢ ᠨᠠᠩ ᠣᠨᠣᠪᠴᠢᠲᠠᠶ ᠣᠶ᠋ᠢᠯᠠᠭ᠋ᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ ᠪᠠ ᠰᠢᠨ᠎ᠡ ᠵᠢ ᠡᠭᠦᠳᠬᠦ ᠥᠪᠥᠷ ᠮᠣᠩᠭᠣᠯ᠎ᠯᠤᠭ᠎ᠠ ᠭᠠᠷ ᠬᠣᠯᠪᠣᠨ ᠲᠠᠨ᠎ᠳᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠵᠦ ᠥᠭᠪᠡ᠃
    ᠲᠣᠰ ᠤᠳᠠᠭ᠎ᠠ ᠨᠡᠶ᠋ᠢᠲᠡᠯᠡᠭᠰᠡᠨ 《ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠤᠭᠰᠠᠨ ᠦᠨᠳᠦᠰᠦᠯᠡᠯ᠎ᠨᠢ ᠶᠠᠭᠤ ᠪᠣᠶ? ᠶᠠᠮᠠᠷ ᠴᠢᠬᠤᠯᠠ ᠠᠴᠢ ᠬᠣᠯᠪᠣᠭᠳᠠᠯ᠎ᠲᠠᠢ ᠪᠤᠢ?
    ᠲᠣᠰ ᠤᠳᠠᠭ᠎ᠠ ᠨᠡᠶ᠋ᠢᠲᠡᠯᠡᠭᠰᠡᠨ 《ᠬᠠᠮᠢᠶᠠᠷᠤᠯᠲᠠ ᠵᠢᠨ ᠠᠷᠭ᠎ᠠ》 ᠪᠣᠯ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠵᠢ ᠰᠢᠯᠢᠳᠡᠭᠵᠢᠭᠦᠯᠵᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠮᠵᠢᠯᠲᠠ ᠪᠦᠲᠦᠮᠵᠢ ᠵᠢ ᠲᠡᠬᠡᠰᠢᠯᠡᠭᠦᠯᠭᠦ ᠠᠷᠭ᠎ᠠ ᠬᠡᠮᠵᠢᠶ᠎ᠡ᠎ᠨᠦᠭᠦᠳ᠎ᠤᠨ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2018] 25 ᠳ᠋ᠤᠭ᠋ᠠᠷ ᠲᠣᠭ᠋ᠠᠲᠤ)᠂ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠬᠡᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ᠎ᠤᠳ》 (ᠲᠢᠩᠬᠢᠮ ᠥᠰᠥᠭ [2018] 23 ᠳ᠋ᠤᠭ᠋ᠠᠷ ᠲᠣᠭ᠋ᠠᠲᠤ)᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠲᠥᠷᠥᠯ ᠵᠦᠶᠯ᠎ᠢ ᠬᠢᠨᠠᠨ ᠲᠣᠭᠲᠠᠭ᠋ᠠᠬᠤ᠂ ᠴᠢᠳᠠᠪᠤᠷᠢᠲᠠᠨ᠎ᠢ ᠦᠨᠡᠯᠡᠬᠦ᠂ ᠪᠠᠶ᠋ᠢᠭᠤᠯᠤᠮᠵᠢ ᠵᠢ ᠦᠨᠡᠯᠡᠨ ᠵᠢᠱ᠌ᠢᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠲᠥᠰᠦᠯ》 (ᠥᠪᠥᠷ ᠨᠠᠮ ᠠᠯᠪᠠᠨ ᠲᠠᠷᠬᠠᠭ᠋ᠠᠭᠰᠠᠨ [2019 19 19 19 19 16 ᠳ᠋ᠤᠭ᠋ᠠᠷ ᠲᠣᠭ᠋ᠠᠲᠤ) ᠵᠡᠷᠭᠡ ᠬᠣᠯᠪᠣᠭᠳᠠᠯ) ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠍ᠳᠠᠯ᠎ᠲᠠᠢ ᠤᠶᠠᠯᠳᠤᠭᠤᠯᠤᠨ ᠲᠣᠭᠲᠠᠭ᠋ᠠᠨ ᠨᠡᠶ᠋ᠢᠲᠡᠯᠡᠪᠡ᠃
    ᠲᠣᠰ ᠤᠳᠠᠭ᠎ᠠ ᠵᠠᠰᠠᠪᠤᠷᠢ ᠣᠷᠣᠭᠤᠯᠬᠤ᠎ᠳᠤ ᠣᠶ᠋ᠢᠷ᠎ᠠ ᠵᠢᠨ ᠵᠢᠯ᠎ᠤᠨ ᠲᠤᠷᠰᠢᠬᠢ ᠤᠯᠤᠰ ᠪᠠ ᠥᠪᠡᠷᠲᠡᠭᠡᠨ ᠵᠠᠰᠠᠬᠤ ᠤᠷᠤᠨ᠎ᠤ ᠬᠠᠮᠢᠶ᠎ᠠ ᠪᠥᠬᠥᠶ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠭᠣᠤᠯᠳᠠᠯᠭ᠎ᠠ᠎ᠲᠠᠢ ᠨᠠᠢ᠌ᠲᠠᠪᠣᠷᠢᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠳᠡᠰ ᠲᠠᠷᠠᠭ᠋ᠠᠯᠠᠨ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠢᠳᠡᠪᠬᠢᠵᠢᠯ ᠪᠣᠯᠤᠨ ᠪᠦᠲᠦᠭᠡᠯᠴᠢ ᠴᠢᠨᠠᠷ᠎ᠢ ᠭᠦᠶᠴᠡᠳ᠎ᠲᠠᠢ ᠢᠴᠢᠯᠠᠨ᠎ᠠ᠃
   《ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠤᠭᠰᠠᠨ ᠭᠣᠤᠯ ᠠᠭᠤᠯᠭ᠎ᠠ᠎ᠨᠢ ᠶᠠᠭᠤ ᠪᠣᠶ?
    ᠨᠢᠭᠡ᠎ᠳᠤ ᠲᠥᠷᠥᠯ   ᠵᠦᠢ᠍ᠯ᠎ᠤᠨ ᠪᠦᠷᠢᠯᠳᠦᠬᠦ ᠲᠣᠭᠲᠠᠴᠠ ᠵᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠵᠢᠮ᠎ᠡ ᠶᠣᠰᠣ ᠵᠢ ᠭᠦᠢ᠍ᠴᠡᠳ ᠬᠦᠨᠳᠦᠳᠬᠡᠵᠦ᠂ ᠲᠥᠷᠥᠯ ᠵᠦᠢ᠍ᠯ᠎ᠤᠨ ᠢᠷᠡᠯᠲᠡ ᠵᠢ ᠢᠳᠡᠪᠬᠢᠲᠡᠢ ᠥᠷᠭᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠬᠥᠮᠥᠷᠭᠡ ᠵᠢᠴᠢ ᠲᠥᠷᠥᠯ ᠵᠦᠢ᠍ᠯ᠎ᠤᠨ ᠨᠦᠭᠦᠴᠢᠯᠡᠯ᠎ᠤᠨ ᠬᠥᠮᠥᠷᠭᠡ ᠪᠠᠶ᠋ᠢᠭᠤᠯᠵᠤ᠂ ᠲᠥᠷᠥᠯ ᠵᠦᠢ᠍ᠯ᠎ᠨᠢ 《ᠤᠷᠲᠤ ᠬᠤᠭᠤᠴᠠᠭ᠎ᠠ᠎ᠪᠠᠷ ᠡᠯᠰᠡᠨ ᠴᠤᠭᠯᠠᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠢᠨ ᠰᠣᠩᠭᠣᠬᠤ》 ᠵᠢ ᠬᠡᠷᠡᠭᠵᠢᠭᠦᠯᠵᠦ᠂ ᠮᠡᠳᠡᠭᠦᠯᠬᠦ ᠵᠦᠭᠯᠡᠭᠦᠷ᠎ᠢ ᠦᠨᠳᠦᠰᠦᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠪᠠ ᠬᠠᠮᠢᠶ᠎ᠠ ᠪᠦᠬᠦᠢ ᠨᠢᠭᠡᠴᠡ ᠴᠠᠭ ᠢᠮᠠᠭᠲᠠ ᠮᠡᠳᠡᠭᠦᠯᠵᠦ ᠪᠣᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠬᠤ ᠵᠢᠨ ᠬᠠᠮᠲᠤ ᠲᠥᠷᠥᠯ ᠵᠦᠶᠯ᠎ᠤᠨ ᠨᠥᠭᠡᠴᠡᠯᠡᠬᠦ ᠬᠥᠮᠥᠷᠭᠡ ᠵᠢᠨ ᠬᠠᠮᠢᠶᠠᠷᠤᠯᠲᠠ᠎ᠳᠤ ᠤᠷᠤᠭᠣᠯᠬᠣ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠪᠠᠶ᠋ᠢᠷᠢᠯᠠᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠶᠯ᠂ ᠭᠡᠨᠡᠳᠲᠡ ᠡᠭᠦᠰᠬᠦ ᠪᠠ ᠪᠠᠴᠢᠮ   ᠪᠠᠢ᠌ᠲᠠᠯ᠎ᠢ ᠠᠷᠭ᠋ᠠᠴᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠡᠷᠭᠡ ᠵᠢ ᠲᠤᠰᠬᠠᠶ ᠵᠦᠶᠯ ᠵᠶ᠋ᠠᠷ ᠴᠤᠭᠯᠠᠭᠤᠯᠬᠤ᠂ ᠬᠠᠨᠳᠤᠯᠭ᠎ᠠ᠎ᠲᠠᠢ᠎ᠪᠠᠷ ᠴᠤᠭᠯᠠᠭᠤᠯᠬᠤ ᠪᠤᠶᠤ 《ᠨᠢᠭᠡ ᠬᠡᠷᠡᠭ᠎ᠢ ᠨᠢᠭᠡ ᠵᠥᠪᠯᠡᠬᠦ》 ᠠᠷᠭ᠎ᠠ ᠮᠠᠶᠢᠭ᠎ᠢ ᠠᠪᠴᠤ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
    ᠬᠣᠶᠠᠷ᠎ᠲᠤ ᠲᠥᠷᠥᠯ ᠵᠦᠶᠯ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠲᠡᠭᠦᠯᠳᠡᠷᠵᠢᠭᠦᠯᠦᠨ᠎ᠡ᠃ 《ᠲᠥᠷᠥᠯ ᠵᠦᠢ᠍ᠯ᠎ᠢ ᠬᠢᠨᠠᠨ ᠲᠣᠭᠲᠠᠭ᠋ᠠᠬᠤ᠂ ᠴᠢᠳᠠᠪᠤᠷᠢᠲᠠᠨ᠎ᠢ ᠦᠨᠡᠯᠡᠬᠦ᠂ ᠪᠠᠶ᠋ᠢᠭᠤᠯᠤᠮᠵᠢ ᠵᠢ ᠦᠨᠡᠯᠡᠨ ᠵᠢᠱ᠌ᠢᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠲᠥᠰᠦᠯ》᠎ᠢ ᠨᠠᠢ᠍ᠳᠠᠪᠤᠷᠢᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠳᠤ ᠵᠦᠷᠢᠶᠡᠴᠢᠯᠡᠭᠰᠡᠨ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠷᠭ᠎ᠠ ᠵᠢ ᠬᠡᠷᠡᠭᠵᠢᠭᠦᠯᠵᠦ᠂ ᠥᠩᠭᠡᠷᠡᠭᠡᠭᠰᠡᠨ ᠦᠤ ᠨᠡᠯᠢᠶᠡᠳ ᠳᠠᠩ ᠴᠤᠯᠭᠤᠶ 《ᠥᠷᠢᠰᠥᠯᠳᠦᠭᠡᠨ᠎ᠤ ᠰᠡᠳᠦᠪ ᠲᠣᠭᠲᠠᠭ᠋ᠠᠬᠤ》 ᠲᠥᠷᠥᠯ ᠵᠦᠢ᠍ᠯ᠎ᠤᠨ ᠪᠦᠷᠢᠯᠲᠤᠬᠦ ᠲᠣᠭᠲᠠᠴᠠ ᠵᠢ ᠥᠷᠭᠡᠳᠬᠡᠵᠦ᠂ ᠢᠯᠡ᠎ᠪᠠᠷ ᠰᠢᠯᠢᠳᠡᠭ᠎ᠢ᠎ᠨᠢ ᠰᠣᠩᠭᠣᠬᠤ᠂ ᠬᠠᠨᠳᠤᠯᠭ᠎ᠠ᠎ᠲᠠᠢ᠎ᠪᠠᠷ ᠰᠢᠯᠢᠲᠡᠭ᠎ᠢ᠎ᠨᠢ ᠰᠣᠩᠭᠣᠬᠤ ᠪᠤᠶᠤ ᠬᠠᠨᠳᠤᠯᠭ᠎ᠠ᠎ᠲᠠᠢ᠎ᠪᠠᠷ ᠨᠠᠶ᠋ᠢᠳᠠᠬᠤ ᠵᠢ ᠤᠶᠠᠯᠳᠤᠭᠤᠯᠤᠭᠰᠠᠨ ᠲᠥᠷᠥᠯ ᠵᠦᠢ᠍ᠯ᠎ᠤᠨ ᠬᠡᠯᠪᠠᠷᠢ ᠵᠢᠨ ᠲᠣᠭᠲᠠᠴᠠ ᠵᠢ ᠳᠤᠷᠠᠳᠴᠤ᠂ ᠡᠭᠦᠨ᠎ᠤ ᠬᠠᠮᠲᠤ ᠪᠣᠳᠠᠲᠠᠶ ᠬᠡᠷᠡᠭᠯᠡᠬᠦ ᠬᠡᠪᠴᠢᠶ᠎ᠡ ᠵᠢ ᠲᠣᠳᠣᠷᠬᠠᠶ ᠪᠣᠯᠭ᠋ᠠᠵᠤ᠂ ᠲᠥᠷᠥᠯ ᠵᠦᠶᠯ᠎ᠤᠨ ᠬᠠᠨᠳᠤᠰᠢ᠎ᠨᠢ ᠨᠠᠩ ᠢᠯᠡᠭᠦᠤ ᠲᠥᠪᠯᠡᠷᠡᠵᠦ ᠪᠠᠶ᠋ᠢᠨ᠎ᠠ᠃
    ᠭᠤᠷᠪᠠ᠎ᠳᠤ ᠲᠥᠷᠥᠯ ᠵᠦᠶᠯ᠎ᠤᠨ ᠲᠥᠷᠥᠯ ᠵᠦᠶᠯ᠎ᠤᠨ ᠬᠢᠵᠠᠭ᠋ᠠᠷᠲᠤ ᠬᠠᠮᠢᠶᠠᠷᠤᠯᠲᠠ ᠵᠢ ᠬᠡᠷᠡᠭᠵᠢᠭᠦᠯᠦᠨ᠎ᠡ᠃ 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ》᠎ᠢ ᠨᠠᠢ᠍ᠳᠠᠪᠤᠷᠢᠵᠢᠭᠤᠯᠬᠤ᠂ ᠲᠥᠷᠥᠯ ᠵᠦᠶᠯ᠎ᠤᠨ ᠬᠠᠷᠢᠭᠤᠴᠠᠯᠭ᠋ᠠᠲᠠᠨ᠎ᠤ ᠠᠳᠠᠯᠢ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢ ᠡᠷᠭᠢᠯᠡᠬᠦ ᠲᠥᠷᠥᠯ ᠵᠦᠶᠯ᠎ᠤᠨ ᠲᠣᠭ᠎ᠠ ᠬᠡᠮᠵᠢᠶ᠎ᠡ ᠵᠢ ᠲᠣᠳᠣᠷᠬᠠᠶ ᠬᠢᠵᠠᠭ᠋ᠠᠷᠯᠠᠭᠰᠠᠨ ᠪᠠᠶ᠋ᠢᠨ᠎ᠠ᠃
    ᠳᠥᠷᠪᠡ᠎ᠳᠤ ᠲᠥᠷᠥᠯ ᠵᠦᠶᠯ᠎ᠤᠨ ᠬᠡᠷᠡᠭᠵᠢᠭᠦᠯᠦᠯᠲᠡ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃ ᠲᠥᠷᠥᠯ ᠵᠦᠢ᠍ᠯ᠎ᠤᠨ ᠬᠥᠳᠡᠯᠦᠩᠭᠦᠶ ᠲᠣᠬᠢᠷᠠᠭᠤᠯᠤᠯᠲᠠ ᠪᠠ ᠵᠣᠭᠰᠣᠭ᠋ᠠᠬᠤ ᠲᠣᠭᠲᠠᠴᠠ ᠵᠢ ᠪᠠᠶ᠋ᠢᠭᠤᠯᠵᠤ᠂ ᠲᠥᠷᠥᠯ ᠵᠦᠶᠯ᠎ᠤᠨ ᠬᠡᠷᠡᠭᠵᠢᠭᠦᠯᠦᠯᠲᠡ ᠵᠢ ᠨᠥᠯᠥᠭᠡᠯᠡᠵᠦ ᠮᠡᠳᠡᠬᠦ ᠴᠢᠬᠤᠯᠠ ᠶᠡᠬᠡ ᠪᠠᠢ᠍ᠳᠠᠯ᠎ᠳᠤ ᠲᠣᠬᠢᠷᠠᠭᠤᠯᠤᠯᠲᠠ ᠬᠢᠬᠦ ᠪᠠ ᠵᠣᠭᠰᠣᠭ᠋ᠠᠬᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢᠴᠢ ᠳᠡᠰ ᠳᠠᠷᠠᠭ᠋ᠠᠯᠠᠯ᠎ᠢ ᠲᠣᠳᠣᠷᠬᠠᠶ᠋ᠢᠯᠠᠵᠤ᠂ ᠪᠠᠰᠠ 《ᠭᠦᠢ᠍ᠴᠡᠳᠬᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ 6 ᠰᠠᠷ᠎ᠠ ᠰᠢᠯᠭ᠋ᠠᠨ ᠠᠪᠤᠭᠤᠯᠬᠤ ᠭᠤᠶᠤᠴᠢᠯᠠᠯ ᠭᠠᠷᠭ᠋ᠠᠭᠰᠠᠨ ᠦᠭᠡᠢ》 ᠨᠥᠬᠥᠴᠡᠯ ᠨᠡᠮᠡᠵᠦ᠂ 《ᠦᠬᠦᠳᠡᠯ》᠎ᠢ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠬᠦ᠎ᠳᠤ ᠴᠢᠬᠤᠯᠠ ᠪᠦᠬᠦᠢ ᠦᠨᠳᠦᠰᠦ ᠪᠠᠷᠢᠮᠲᠠ ᠬᠠᠩᠭ᠋ᠠᠬᠤ ᠬᠡᠷᠡᠭᠲᠡᠶ᠃
    ᠲᠠᠪᠤ᠎ᠳᠤ ᠵᠦᠶᠯᠡᠰ᠎ᠢ ᠰᠢᠯᠭ᠋ᠠᠨ ᠠᠪᠬᠤ ᠵᠢᠷᠤᠮ᠎ᠢ ᠰᠠᠶ᠋ᠢᠵᠢᠷᠠᠭᠤᠯᠤᠨ᠎ᠠ᠃ ᠰᠢᠯᠭ᠋ᠠᠨ ᠠᠪᠬᠤ ᠵᠢ ᠲᠦᠷ ᠬᠤᠢ᠌ᠰᠢᠯᠠᠭᠤᠯᠬᠤ ᠭᠣᠭᠴᠣᠭ᠎ᠠ ᠵᠢ ᠨᠡᠮᠡᠵᠦ᠂ ᠲᠥᠷᠥᠯ ᠵᠦᠢ᠍ᠯ᠎ᠤᠨ ᠰᠢᠯᠭ᠋ᠠᠨ ᠠᠪᠬᠤ ᠬᠠᠮᠢᠶᠠᠷᠤᠯᠲᠠ ᠵᠢ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠵᠢᠱ᠌ᠢᠶᠡᠯᠡᠪᠡᠯ ᠪᠢᠴᠢᠭ ᠮᠠᠲ᠋ᠧᠷᠢᠶᠠᠯ ᠬᠠᠩᠭ᠋ᠠᠭᠰᠠᠨ᠎ᠨᠢ ᠲᠣᠳᠣᠷᠬᠠᠶ ᠦᠭᠡᠢ᠂ ᠮᠠᠭ᠋ᠠᠳᠯᠠᠬᠤ᠎ᠳᠤ ᠬᠦᠴᠢᠷ ᠵᠡᠷᠭᠡ᠎ᠠᠴᠠ ᠪᠣᠯᠵᠤ ᠰᠢᠯᠭ᠋ᠠᠨ ᠠᠪᠬᠤ ᠰᠠᠨᠠᠯ᠎ᠤᠨ ᠮᠠᠷᠭᠤᠯᠳᠤᠭ᠋ᠠᠨ ᠨᠡᠯᠢᠶᠡᠳ ᠶᠡᠬᠡ ᠪᠣᠯᠵᠤ᠂ ᠡᠰᠡᠬᠦᠯ᠎ᠡ ᠰᠤᠳᠤᠯᠭ᠋ᠠᠨ᠎ᠤ ᠶᠠᠪᠤᠴᠠ ᠵᠢᠴᠢ ᠦᠷ᠎ᠡ ᠳ᠋ᠦᠩ ᠵᠡᠷᠭᠡ ᠵᠢᠭᠤᠷᠠᠯᠳᠤᠭ᠋ᠠᠨ ᠣᠷᠣᠰᠢᠵᠤ ᠪᠠᠶ᠋ᠢᠭ᠋ᠠᠳ ᠰᠢᠢ᠍ᠳᠪᠤᠷᠢᠯᠡᠬᠡᠲᠤᠢ ᠲᠥᠷᠥᠯ ᠵᠦᠢ᠍ᠯ᠂ ᠰᠢᠯᠭ᠋ᠠᠨ ᠠᠪᠬᠤ ᠵᠢ ᠲᠦᠷ ᠬᠣᠶ᠋ᠢᠰᠢᠯᠠᠭᠤᠯᠵᠤ ᠪᠣᠯᠬᠤ ᠪᠥᠭᠡᠳ ᠲᠥᠷᠥᠯ ᠵᠦᠶᠯ᠎ᠢ ᠰᠢᠯᠭ᠋ᠠᠨ ᠠᠪᠬᠤ ᠬᠠᠮᠢᠶᠠᠷᠤᠯᠲᠠ ᠵᠢᠨ ᠠᠵᠢᠯ᠎ᠢ ᠪᠣᠳᠠᠲᠤ ᠪᠠᠶ᠋ᠢᠳᠠᠯ᠎ᠳᠤ ᠨᠡᠩ ᠢᠯᠡᠭᠦᠤ ᠨᠡᠶ᠋ᠢᠴᠡᠭᠦᠯᠬᠦ ᠬᠡᠷᠡᠭᠲᠡᠶ᠃
       《ᠬᠠᠮᠢᠶᠠᠷᠤᠯᠲᠠ ᠵᠢᠨ ᠠᠷᠭ᠎ᠠ》᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠤᠨ ᠬᠠᠮᠢᠶᠠᠷᠤᠯᠲᠠ ᠵᠢ ᠰᠢᠯᠢᠳᠡᠭᠵᠢᠭᠦᠯᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶ᠋ᠢᠬᠤ ᠪᠣᠶ?
    ᠡᠨᠡ ᠤᠳᠠᠭ᠎ᠠ ᠵᠠᠰᠠᠪᠤᠷᠢ ᠣᠷᠣᠭᠤᠯᠤᠭᠰᠠᠨ᠎ᠨᠢ ᠲᠥᠷᠥᠯ ᠵᠦᠶᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠢ ᠤᠯᠠᠮ ᠨᠢᠭᠡ ᠠᠯᠬᠤᠮ ᠳᠣᠷᠣᠭᠰᠢ ᠪᠠᠭᠤᠯᠭ᠋ᠠᠵᠤ᠂ ᠬᠠᠮᠢᠶᠠᠷᠤᠯᠲᠠ ᠵᠢᠨ ᠳᠡᠰ ᠳᠠᠷᠠᠭ᠋ᠠᠯᠠᠯ᠎ᠢ ᠳᠥᠭᠥᠮᠴᠢᠯᠡᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠢᠳᠡᠪᠬᠢᠵᠢᠯ ᠪᠠ ᠪᠦᠲᠦᠭᠡᠯᠴᠢ ᠴᠢᠨᠠᠷ᠎ᠢ ᠭᠦᠶᠴᠡᠳ ᠲᠠᠢ᠌ᠴᠢᠯᠠᠨ᠎ᠠ᠃
    ᠨᠢᠭᠡ᠎ᠳᠤ ᠵᠦᠶᠯᠡᠰ᠎ᠢ ᠡᠭᠦᠷᠭᠡᠯᠡᠬᠦ ᠨᠢᠭᠡᠴᠢ ᠪᠠ ᠬᠠᠷᠢᠭᠤᠴᠠᠯᠭ᠋ᠠᠲᠠᠨ᠎ᠳᠤ ᠨᠡᠩ ᠶᠡᠬᠡ ᠮᠡᠷᠭᠡᠵᠢᠯ᠎ᠤᠨ ᠱᠤᠭᠤᠮ᠎ᠤᠨ ᠰᠢᠶᠳᠪᠦᠷᠢᠲᠦ ᠪᠤᠳᠤᠯᠭ᠎ᠠ ᠲᠣᠭᠲᠠᠭ᠋ᠠᠬᠤ ᠡᠷᠬᠡ ᠪᠠ ᠲᠣᠬᠢᠷᠠᠭᠤᠯᠬᠤ ᠡᠷᠬᠡ ᠣᠯᠭᠣᠨ᠎ᠠ᠃ ᠲᠥᠷᠥᠯ ᠵᠦᠢ᠍ᠯ᠎ᠢ ᠬᠡᠷᠡᠭᠵᠢᠭᠦᠯᠬᠦ ᠳᠤᠮᠳᠠ ᠮᠡᠷᠭᠡᠵᠢᠯ᠎ᠤᠨ ᠱᠤᠭᠤᠮ᠂ ᠬᠠᠮᠲᠤᠷᠠᠨ ᠠᠵᠢᠯᠯᠠᠬᠤ ᠨᠢᠭᠡᠴᠡ᠂ ᠤᠷᠤᠯᠴᠠᠬᠤ ᠬᠥᠮᠦᠰ᠎ᠤᠨ ᠬᠤᠪᠢᠷᠠᠯᠲᠠ ᠭᠠᠷᠤᠭᠰᠠᠨ ᠵᠥᠪᠳᠡᠯᠴᠡᠨ ᠰᠠᠨᠠᠯ ᠨᠢᠭᠡᠳᠦᠭᠰᠡᠨ ᠤᠷᠢᠲᠠᠯ ᠳᠣᠤᠷ᠎ᠠ᠂ ᠬᠠᠮᠢᠶ᠎ᠠ ᠪᠦᠬᠦᠢ ᠤᠴᠢᠷ ᠶᠠᠪᠤᠳᠠᠯ᠎ᠢ ᠲᠥᠷᠥᠯ ᠵᠦᠶᠯ᠎ᠢ ᠡᠷᠬᠢᠯᠡᠬᠦ ᠨᠢᠭᠡᠴᠡ᠎ᠠᠴᠠ ᠡᠵᠡᠨ ᠮᠡᠳᠡᠵᠦ ᠲᠣᠬᠢᠷᠠᠭᠤᠯᠤᠭᠰᠠᠨ᠎ᠤ ᠳᠠᠷᠠᠭ᠎ᠠ ᠳᠠᠩᠰᠠᠯᠠᠭᠤᠯᠪᠠᠯ ᠪᠣᠯᠴᠢᠬᠠᠨ᠎ᠠ᠂ ᠮᠡᠳᠡᠭᠦᠯᠵᠦ ᠵᠥᠪᠰᠢᠶᠡᠷᠡᠭᠦᠯᠬᠦ᠎ᠪᠠᠷ ᠳᠠᠬᠢᠨ ᠱᠠᠭ᠋ᠠᠷᠳᠠᠬᠤ ᠦᠭᠡᠢ᠃
    ᠬᠣᠶᠠᠷ᠎ᠲᠤ ᠪᠠᠶ᠋ᠢᠴᠠᠭ᠋ᠠᠬᠤ ᠤᠳᠠᠭ᠎ᠠ ᠵᠢ ᠪᠠᠭ᠋ᠠᠰᠬᠠᠨ᠎ᠠ᠃ ᠴᠢᠬᠤᠯᠠ ᠶᠡᠬᠡ ᠲᠤᠰᠬᠠᠶ ᠵᠦᠢ᠍ᠯ ᠪᠠ ᠭᠦᠢ᠍ᠴᠡᠳᠬᠡᠬᠦ ᠦᠶᠡᠯᠡᠯ᠎ᠤᠨ ᠬᠤᠭᠤᠴᠠᠭ᠎ᠠ᠎ᠨᠢ ᠭᠤᠷᠪᠠᠨ ᠵᠢᠯ᠎ᠠᠴᠠ ᠳᠡᠭᠡᠭᠰᠢ ᠪᠠᠶᠬᠤ ᠲᠥᠷᠥᠯ ᠵᠦᠢ᠍ᠯ᠎ᠠᠴᠠ ᠭᠠᠳᠠᠨ᠎ᠠ᠂ ᠪᠤᠰᠤᠳ ᠲᠥᠷᠥᠯ ᠵᠦᠶᠯ᠎ᠢ ᠵᠠᠷᠴᠢᠮ ᠳᠡᠭᠡᠷ᠎ᠡ᠎ᠪᠠᠨ ᠬᠡᠷᠡᠭᠵᠢᠭᠦᠯᠬᠦ ᠬᠤᠭᠤᠴᠠᠭ᠋ᠠᠨ᠎ᠳᠤ ᠵᠥᠪᠬᠡᠨ ᠨᠢᠭᠡ ᠯᠡ ᠤᠳᠠᠭ᠎ᠠ ᠬᠢᠨᠠᠯᠲᠠ ᠲᠠᠯᠪᠢᠨ ᠪᠠᠶ᠋ᠢᠴᠠᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠳᠠᠷᠤᠭ᠋ᠠᠰᠤ ᠵᠢ ᠦᠨᠡᠨᠬᠦ ᠬᠥᠩᠭᠡᠷᠡᠭᠦᠯᠦᠨ ᠬᠦᠯᠢᠶᠡᠰᠦ ᠵᠢ᠎ᠨᠢ ᠰᠤᠯᠠᠷᠠᠭᠤᠯᠬᠤ ᠬᠡᠷᠡᠭᠲᠡᠶ᠃
    ᠭᠤᠷᠪᠠ᠎ᠳᠤ᠂ ᠲᠦᠷᠦᠯ ᠵᠦᠢ᠍ᠯ᠎ᠤᠨ ᠠᠯᠳᠠᠭ᠎ᠠ ᠪᠤᠷᠤᠭᠤ ᠵᠢ ᠪᠠᠭᠲᠠᠭ᠋ᠠᠬᠤ ᠲᠣᠭᠲᠠᠴᠠ ᠵᠢ ᠪᠠᠶ᠋ᠢᠭᠤᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠢᠮ᠎ᠡ ᠶᠣᠰᠣ ᠵᠢ ᠵᠢᠷᠤᠮᠯᠠᠨ᠂ ᠮᠡᠷᠭᠡᠵᠢᠯ᠎ᠤᠨ ᠱᠤᠭᠤᠮ᠎ᠤᠨ ᠰᠣᠩᠭᠣᠯᠲᠠ ᠵᠢᠨ ᠠᠯᠳᠠᠰᠢ᠂ ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠲᠥᠷᠥ ᠵᠢᠨ ᠪᠤᠲᠤᠯᠭ᠎ᠠ ᠵᠢᠨ ᠣᠷᠴᠢᠨ ᠲᠣᠭᠣᠷᠢᠨ᠎ᠤ ᠬᠤᠪᠢᠷᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠣᠭᠲᠠᠭ᠋ᠠᠯᠲᠤ ᠪᠤᠰᠤ ᠴᠢᠨᠠᠷ ᠵᠡᠷᠭᠡ ᠪᠡᠶᠡᠴᠢ ᠪᠤᠰᠤ ᠰᠢᠯᠲᠠᠭ᠋ᠠᠨ᠎ᠠᠴᠠ ᠪᠣᠯᠤᠭᠰᠠᠨ ᠲᠥᠷᠥᠯ ᠵᠦᠶᠯ᠎ᠤᠨ ᠢᠯᠠᠭᠳᠠᠯ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠣᠪᠣᠷ ᠲᠥᠪ ᠪᠤᠰᠤ ᠦᠢ᠍ᠯᠡ ᠠᠵᠢᠯᠯᠠᠭ᠎ᠠ᠎ᠠᠴᠠ ᠪᠣᠯᠤᠭᠰᠠᠨ ᠲᠥᠷᠥᠯ ᠵᠦᠶᠯ᠎ᠤᠨ ᠢᠯᠠᠭᠳᠠᠯ᠎ᠢ ᠵᠦᠶ ᠵᠣᠬᠢᠰᠲᠠᠶ ᠢᠯᠭ᠋ᠠᠨ ᠰᠠᠯᠭ᠋ᠠᠵᠤ᠂ ᠡᠰᠡᠷᠭᠦᠴᠡᠰᠢ ᠦᠭᠡᠢ ᠬᠦᠴᠦᠨ ᠵᠦᠶᠯ᠎ᠠᠴᠠ ᠪᠣᠯᠵᠤ ᠲᠥᠷᠥᠯ ᠵᠦᠶᠯ᠎ᠤᠨ ᠡᠭᠦᠷᠭᠡ ᠵᠢᠨ ᠪᠢᠴᠢᠭ᠎ᠲᠤ ᠲᠣᠭᠲᠠᠭ᠋ᠠᠭᠰᠠᠨ ᠡᠭᠦᠷᠭᠡ᠎ᠪᠠᠨ ᠪᠡᠶᠡᠯᠡᠭᠦᠯᠵᠦ ᠴᠢᠳᠠᠬᠤ ᠦᠭᠡᠢ ᠪᠣᠯᠤᠭᠰᠠᠨ ᠪᠠᠢ᠌ᠪᠠᠯ᠂ ᠬᠠᠮᠢᠶ᠎ᠠ ᠪᠦᠬᠦᠢ ᠨᠢᠭᠡᠴᠡ ᠪᠣᠯᠤᠨ ᠠᠵᠢᠯᠲᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠥᠬᠡᠶ ᠪᠠᠶ᠋ᠢᠵᠤ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠢᠯᠠᠭᠳᠠᠯ᠎ᠢ ᠠᠭᠤᠴᠢᠯᠠᠨ ᠪᠠᠭᠲᠠᠭ᠋ᠠᠬᠤ ᠰᠠᠶ᠋ᠢᠨ ᠰᠠᠶ᠋ᠢᠬᠠᠨ ᠰᠢᠨ᠎ᠡ ᠵᠢ ᠡᠭᠦᠳᠬᠦ ᠠᠮᠢ ᠠᠬᠤᠶ ᠵᠢ ᠢᠳᠡᠪᠬᠢᠲᠡᠶ᠎ᠪᠠᠷ ᠪᠣᠶ ᠪᠣᠯᠭ᠋ᠠᠨ᠎ᠠ᠃
    ᠳᠥᠷᠪᠡ᠎ᠳᠤ ᠢᠯᠡ ᠨᠡᠶ᠋ᠢᠲᠡᠯᠡᠬᠦ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠴᠤᠭᠯᠠᠭᠤᠯᠬᠤ᠂ ᠲᠥᠷᠥᠯ ᠵᠦᠢ᠍ᠯ ᠲᠣᠭᠲᠠᠭ᠋ᠠᠬᠤ᠂ ᠰᠢᠯᠭ᠋ᠠᠨ ᠠᠪᠬᠤ᠂ ᠬᠢᠨᠠᠯᠲᠠ ᠲᠠᠯᠪᠢᠵᠤ ᠦᠨᠡᠯᠡᠨ ᠵᠢᠱ᠌ᠢᠬᠦ ᠵᠡᠷᠭᠡ ᠮᠡᠲᠡᠬᠡ ᠵᠠᠩᠭᠢ᠎ᠨᠢ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠬᠤ ᠪᠤᠶᠤ ᠢᠯᠡ ᠨᠡᠶ᠋ᠢᠲᠡᠯᠡᠵᠦ᠂ ᠨᠡᠶ᠋ᠢᠭᠡᠮ᠎ᠤᠨ ᠬᠢᠨᠠᠯᠲᠠ ᠵᠢ ᠬᠦᠯᠢᠶᠡᠨ᠎ᠡ᠃
    ᠲᠠᠪᠤ᠂ ᠬᠢᠨᠠᠯᠲᠠ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ᠃ ᠲᠥᠷᠥᠯ ᠵᠦᠢ᠍ᠯ᠎ᠤᠨ ᠶᠠᠪᠤᠴᠠ ᠵᠢᠨ ᠬᠠᠮᠢᠶᠠᠷᠤᠯᠲᠠ ᠵᠢ ᠳᠥᠭᠥᠮᠴᠢᠯᠡᠭᠰᠡᠨ ᠰᠠᠭᠤᠷᠢᠨ ᠳᠡᠭᠡᠷ᠎ᠡ᠂ ᠲᠥᠷᠥᠯ ᠵᠦᠢ᠍ᠯ᠎ᠤᠨ ᠨᠢᠭᠡᠴᠢ ᠬᠠᠤᠯᠢ ᠡᠷᠬᠡᠲᠡᠨ᠎ᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ 《ᠬᠣᠶᠠᠷ᠎ᠢ ᠲᠣᠬᠢᠶᠠᠯᠳᠤᠭᠤᠯᠤᠨ᠂ ᠨᠢᠭᠡ ᠵᠢ ᠢᠯᠡ ᠪᠣᠯᠭ᠋ᠠᠬᠤ》 ᠵᠠᠷᠴᠢᠮ ᠶᠣᠰᠣᠭ᠋ᠠᠷ᠂ ᠲᠥᠷᠥᠯ ᠵᠦᠶᠯ᠎ᠢ ᠰᠤᠭᠤᠴᠢᠨ ᠪᠠᠶ᠋ᠢᠴᠠᠭ᠋ᠠᠵᠤ ᠪᠠᠶ᠋ᠢᠴᠠᠭ᠋ᠠᠬᠤ ᠵᠢ ᠬᠡᠷᠡᠭᠵᠢᠭᠦᠯᠵᠦ᠂ ᠪᠠᠶ᠋ᠢᠴᠠᠭ᠋ᠠᠭᠰᠠᠨ ᠦᠷ᠎ᠡ ᠳ᠋ᠦᠩ᠎ᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠵᠢᠨ ᠬᠠᠮᠢᠶᠠᠷᠤᠯᠲᠠ᠎ᠳᠤ ᠣᠷᠣᠭᠤᠯᠬᠤ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠬᠠᠨᠳᠤᠭᠤᠯᠤᠨ ᠢᠯᠡ ᠪᠣᠯᠭ᠋ᠠᠬᠤ ᠬᠡᠷᠡᠭᠲᠡᠶ᠃
    ᠵᠢᠷᠭᠤᠭ᠎ᠠ᠎ᠳᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ   ᠬᠡᠷᠭᠵᠢᠬᠦᠯᠵᠦ᠂ ᠢᠲᠡᠭᠡᠯ ᠵᠶ᠋ᠠᠷ ᠤᠷᠢᠲᠠᠯ ᠪᠣᠯᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠵᠢᠨ ᠲᠤᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠳᠦᠷᠢᠮ ᠢ ᠬᠡᠷᠡᠭᠵᠢᠭᠦᠯᠵᠦ᠂ ᠬᠠᠮᠢᠶᠠᠷᠤᠯᠲᠠ ᠵᠢᠨ ᠡᠷᠬᠡ ᠮᠡᠳᠡᠯ᠎ᠢ ᠳᠣᠷᠣᠭᠰᠢ ᠪᠠᠭᠤᠯᠭ᠋ᠠᠬᠤ ᠵᠢᠨ ᠬᠠᠮᠲᠤ᠂ ᠵᠠᠩᠭᠢᠯᠠᠭ᠎ᠠ ᠵᠢᠨ ᠲᠠᠯ᠎ᠠ ᠵᠢᠨ ᠬᠠᠮᠢᠶᠠᠷᠤᠯᠲᠠ ᠵᠢ ᠴᠢᠩᠭ᠍ᠠᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠵᠢᠨ ᠲᠡᠮᠳᠡᠭᠯᠡᠯ ᠪᠣᠯᠤᠨ ᠬᠠᠷᠢᠭᠤᠴᠠᠯᠭ᠎ᠠ ᠵᠢ ᠴᠢᠩᠭ᠍ᠠᠳᠬᠠᠵᠠᠶ᠃ ᠬᠦᠨᠳᠦ ᠨᠣᠴᠢᠲᠠᠶ ᠡᠷᠡᠭᠦᠯ ᠪᠤᠰᠤ ᠢᠲᠡᠭᠡᠮᠵᠢ ᠵᠢᠨ ᠲᠡᠮᠳᠡᠭᠯᠡᠭᠴᠢ ᠵᠢ 《ᠨᠡᠷ᠎ᠡ ᠵᠢᠨ ᠬᠠᠷ᠎ᠠ ᠳᠠᠩᠰᠠ》᠎ᠳᠤ ᠲᠡᠮᠲᠡᠭᠯᠡᠵᠦ᠂ ᠡᠳ᠋᠎ᠤᠨ ᠵᠠᠰᠠᠭ᠎ᠤᠨ ᠲᠤᠰᠠᠯᠠᠮᠵᠢ ᠵᠢᠨ ᠲᠥᠷᠥᠯ ᠵᠦᠶᠯ᠎ᠢ ᠭᠤᠶᠤᠴᠢᠯᠠᠭᠰᠠᠨ ᠪᠤᠶᠤ ᠲᠥᠷᠥᠯ ᠵᠦᠶᠯ᠎ᠤᠨ ᠬᠢᠨᠠᠨ ᠲᠣᠭᠲᠠᠭ᠋ᠠᠯᠲᠠ᠂ ᠲᠥᠷᠥᠯ ᠵᠦᠶᠯ᠎ᠤᠨ ᠬᠠᠮᠢᠶᠠᠷᠤᠯᠲᠠ᠎ᠳᠤ ᠣᠷᠣᠯᠴᠠᠬᠤ ᠬᠢᠷᠢ ᠬᠡᠮ᠎ᠢ ᠱᠠᠲᠤ ᠦᠶ᠎ᠡ ᠵᠢᠨ ᠴᠢᠨᠠᠷᠲᠠᠢ ᠪᠤᠶᠤ ᠥᠨᠢ ᠡᠭᠦᠷᠢᠳᠡ ᠬᠦᠴᠦᠨ ᠦᠭᠡᠢ ᠪᠣᠯᠭ᠋ᠠᠨ᠎ᠠ᠃ ᠲᠡᠷᠡᠴᠢᠯᠡᠨ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
    ᠳᠣᠯᠣᠭ᠎ᠠ᠎ᠳᠤ ᠭᠤᠶᠤᠴᠢᠯᠠᠨ ᠮᠡᠳᠡᠭᠦᠯᠬᠦ ᠳᠡᠰ ᠳᠠᠷᠠᠭ᠋ᠠᠯᠠᠯ᠎ᠢ ᠴᠣᠮᠬᠠᠳᠬᠠᠨ᠂ ᠴᠠᠭ᠋ᠠᠰᠤ ᠥᠬᠡᠶ ᠭᠤᠶᠤᠴᠢᠯᠠᠨ ᠮᠡᠲᠡᠭᠦᠯᠬᠦ ᠵᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠲᠥᠷᠥᠯ ᠵᠦᠶ᠎ᠳᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠬᠦᠯᠢᠶᠡᠨ ᠠᠪᠴᠤ ᠰᠢᠶᠳᠪᠦᠷᠢᠯᠡᠬᠦ ᠪᠠ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠵᠢ ᠬᠡᠷᠡᠭᠵᠢᠭᠦᠯᠵᠦ᠂ ᠬᠠᠮᠢᠶ᠎ᠠ ᠪᠦᠬᠦᠢ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠵᠤ ᠳᠡᠭᠡᠭᠰᠢ ᠳᠠᠮᠵᠢᠭᠤᠯᠪᠠᠯ ᠪᠣᠯᠴᠢᠬᠠᠨ᠎ᠠ᠃ ᠴᠠᠭ᠋ᠠᠰᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠴᠢᠬᠤᠯᠠ ᠦᠭᠡᠢ᠂ ᠡᠭᠦᠨ᠎ᠤ ᠬᠠᠮᠲᠤ ᠬᠠᠮᠢᠶᠠᠷᠤᠯᠲᠠ ᠵᠢᠨ ᠰᠢᠰᠲ᠋ᠧᠮ᠎ᠨᠢ ᠰᠢᠨᠵᠢᠯᠡᠬᠦ ᠮᠡᠷᠭᠡᠵᠢᠯ᠎ᠤᠨ ᠬᠠᠮᠢᠶᠠᠷᠤᠯᠲᠠ ᠵᠢᠨ ᠲᠦᠷᠤᠯ ᠵᠦᠶᠯ᠎ᠤᠨ ᠮᠡᠳᠡᠭᠦᠯᠦᠯᠲᠡ᠂ ᠡᠭᠦᠷᠭᠡ ᠵᠢᠨ ᠪᠢᠴᠢᠭ ᠲᠣᠭᠲᠠᠭ᠋ᠠᠬᠤ ᠪᠠ ᠰᠢᠯᠭ᠋ᠠᠨ ᠠᠪᠬᠤ ᠵᠡᠷᠭᠡ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠭᠣᠭᠴᠣᠭ᠎ᠠ ᠵᠢ ᠡᠮᠬᠢᠯᠡᠨ ᠨᠡᠶ᠋ᠢᠯᠡᠭᠦᠯᠵᠦ᠂ ᠬᠠᠮᠢᠶ᠎ᠠ ᠪᠦᠬᠦᠢ ᠬᠦᠰᠦᠨᠦᠭᠲᠦ ᠪᠣᠯᠤᠨ ᠮᠡᠲᠡᠬᠡ ᠵᠠᠩᠭᠢ ᠵᠢᠨ ᠳᠠᠷᠠᠭ᠎ᠠ ᠨᠢᠭᠡ ᠭᠣᠭᠴᠣᠭ᠎ᠠ ᠵᠢ ᠠᠦ᠋ᠲ᠋ᠣ᠋ ᠬᠦᠷᠭᠡᠪᠡ᠃ ᠨᠢᠭᠡ ᠬᠦᠰᠦᠨᠦᠭᠲᠦ ᠵᠢ ᠢᠯᠡᠭᠦᠦ ᠬᠡᠷᠡᠭᠯᠡᠵᠦ᠂ ᠲᠣᠭ᠎ᠠ ᠪᠠᠷᠢᠮᠲᠠ ᠵᠢ ᠢᠯᠡᠭᠦᠦ ᠭᠦᠶᠦᠯᠭᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠳᠤᠲᠠᠭᠤ ᠭᠦᠶᠦᠯᠭᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃
    ᠲᠥᠷᠥᠯ ᠵᠦᠶᠯ ᠮᠡᠳᠡᠭᠦᠯᠬᠦ᠎ᠳᠤ ᠶᠠᠮᠠᠷ ᠨᠥᠬᠥᠴᠡᠯ᠎ᠳᠤ ᠨᠡᠶ᠋ᠢᠴᠡᠬᠦ ᠴᠢᠬᠤᠯᠠᠲᠠᠶ ᠪᠣᠶ?
   《ᠬᠠᠮᠢᠶᠠᠷᠤᠯᠲᠠ ᠵᠢᠨ ᠠᠷᠭ᠎ᠠ》᠎ᠳᠤ ᠲᠥᠷᠥᠯ ᠵᠦᠢ᠍ᠯ ᠮᠡᠳᠡᠭᠦᠯᠬᠦ ᠨᠢᠭᠡᠴᠡ ᠵᠢᠴᠢ ᠮᠡᠳᠡᠭᠦᠯᠦᠭᠴᠢ ᠵᠢᠨ ᠦᠨᠳᠦᠰᠦᠨ ᠨᠥᠬᠥᠴᠡᠯ᠎ᠤᠨ ᠲᠤᠬᠠᠶ ᠲᠣᠭᠲᠠᠭ᠋ᠠᠯ ᠭᠠᠷᠭ᠋ᠠᠵᠤ᠂ ᠭᠡᠪᠡᠴᠦ ᠠᠩᠬᠠᠷᠤᠭᠤᠰᠢᠲᠠᠶ ᠵᠦᠶᠯ ᠭᠡᠪᠡᠯ᠂ ᠲᠥᠷᠥᠯ ᠵᠦᠶᠯ ᠭᠤᠶᠤᠴᠢᠯᠠᠨ ᠮᠡᠳᠡᠭᠦᠯᠬᠦ ᠵᠦᠭᠯᠡᠭᠦᠷ᠎ᠨᠢ ᠭᠤᠶᠤᠴᠢᠯᠠᠨ ᠮᠡᠳᠡᠭᠦᠯᠬᠦ ᠨᠢᠭᠡᠴᠡ ᠪᠠ ᠭᠤᠶᠤᠴᠢᠯᠠᠨ ᠮᠡᠲᠡᠭᠦᠯᠦᠭᠴᠢ ᠵᠢᠨ ᠲᠤᠬᠠᠶ ᠤᠯᠠᠮ ᠨᠢᠭᠡ ᠠᠯᠬᠤᠮ ᠪᠣᠯᠵᠣᠨ ᠲᠣᠭᠲᠠᠬᠤ ᠪᠣᠯᠤᠨ᠎ᠠ᠂ ᠵᠢᠱ᠌ᠢᠶᠡᠯᠡᠪᠡᠯ ᠠᠵᠤ ᠠᠬᠤᠶ᠋ᠢᠯᠠᠯ ᠲᠦᠷᠦᠭᠦᠯᠡᠨ ᠭᠤᠶᠤᠴᠢᠯᠠᠨ ᠮᠡᠳᠡᠭᠦᠯᠬᠦ ᠪᠤᠶᠤ ᠦᠶᠯᠡᠳᠪᠦᠷᠢᠯᠡᠬᠦ ᠵᠢᠭ᠋ᠠᠬᠤ ᠰᠤᠳᠤᠯᠬᠤ ᠵᠢ ᠬᠠᠮᠲᠤᠷᠠᠨ ᠭᠤᠶᠤᠴᠢᠯᠠᠨ ᠮᠡᠳᠡᠭᠦᠯᠬᠦ ᠵᠡᠷᠭᠡ ᠪᠣᠯᠤᠨ᠎ᠠ᠃ ᠪᠣᠳᠠᠲᠠᠶ᠎ᠪᠠᠷ ᠪᠠᠰᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠡᠯᠰᠡᠬᠦ ᠵᠦᠭᠯᠡᠭᠦᠷ᠎ᠤᠨ ᠱᠠᠭ᠋ᠠᠷᠳᠠᠯᠭ᠎ᠠ ᠵᠢ ᠦᠨᠳᠦᠰᠦᠯᠡᠨ ᠭᠤᠶᠤᠴᠢᠯᠠᠨ ᠮᠡᠳᠡᠭᠦᠯᠬᠦ ᠬᠡᠷᠡᠭᠲᠡᠶ᠃
    ᠲᠥᠷᠥᠯ ᠵᠦᠢ᠍ᠯ ᠮᠡᠳᠡᠭᠦᠯᠬᠦ᠎ᠳᠤ ᠵᠦᠢ᠍ᠯ ᠬᠢᠵᠠᠭ᠋ᠠᠷᠯᠠᠬᠤ ᠬᠠᠮᠢᠶᠠᠷᠤᠯᠲᠠ ᠵᠢ ᠬᠡᠷᠡᠭᠵᠢᠭᠦᠯᠵᠦ᠂ ᠲᠥᠷᠥᠯ ᠵᠦᠶᠯ᠎ᠤᠨ ᠬᠠᠷᠢᠭᠤᠴᠠᠯᠭ᠋ᠠᠲᠠᠨ (ᠲᠥᠷᠥᠯ ᠵᠦᠶᠯ᠎ᠤᠨ ᠨᠢᠭᠡᠳᠦᠭᠡᠷ ᠡᠭᠦᠷᠭᠡᠯᠡᠭᠴᠢ) ᠠᠳᠠᠯᠢ ᠬᠤᠭᠤᠴᠠᠭ᠋ᠠᠨ᠎ᠲᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠢ ᠡᠷᠴᠡᠯᠡᠬᠦ᠎ᠳᠡᠭᠡᠨ 2 ᠵᠦᠶᠯ᠎ᠠᠴᠠ ᠬᠡᠲᠦᠷᠡᠭᠦᠯᠵᠦ ᠪᠣᠯᠬᠤ ᠥᠬᠡᠶ᠂ ᠬᠡᠷᠪᠡ ᠲᠥᠷᠥᠯ ᠵᠦᠶᠯ᠎ᠤᠨ ᠬᠠᠷᠢᠭᠤᠴᠠᠯᠭ᠋ᠠᠲᠠᠨ ᠪᠣᠯ ᠤᠭᠰᠠᠨ᠎ᠤ ᠬᠤᠪᠢ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠢ 2 ᠵᠦᠶᠯ᠎ᠠᠴᠠ ᠳᠡᠭᠡᠭᠰᠢ ᠡᠭᠦᠷᠭᠡᠯᠡᠭᠰᠡᠨ ᠮᠥᠷᠲᠡᠭᠡᠨ ᠴᠥᠮ ᠰᠢᠯᠭ᠋ᠠᠨ ᠠᠪᠤᠭᠰᠠᠨ ᠥᠬᠡᠶ ᠪᠠᠶ᠋ᠢᠪᠠᠯ᠂ ᠲᠡᠭᠡᠪᠡᠯ ᠳᠠᠬᠢᠨ ᠰᠢᠨ᠎ᠡ ᠲᠥᠷᠥᠯ ᠵᠦᠢ᠍ᠯ᠎ᠢ ᠭᠤᠶᠤᠴᠢᠯᠠᠵᠤ ᠪᠣᠯᠬᠤ ᠦᠭᠡᠢ᠂ ᠵᠥᠪᠬᠡᠨ ᠰᠤᠳᠤᠯᠭ᠋ᠠᠨ᠎ᠤ ᠲᠥᠷᠥᠯ ᠵᠦᠢ᠍ᠯ ᠢ ᠰᠢᠯᠭ᠋ᠠᠨ ᠬᠤᠷᠢᠶᠠᠭᠰᠠᠨ᠎ᠤ ᠳᠠᠷᠠᠭ᠎ᠠ ᠰᠠᠶᠢ ᠭᠤᠶᠤᠴᠢᠯᠠᠵᠤ ᠪᠣᠯᠤᠨ᠎ᠠ᠃ ᠣᠨᠴᠠᠭ᠋ᠠᠶ᠋ᠢᠯᠠᠨ ᠴᠢᠬᠤᠯᠠᠴᠢᠯᠠᠭᠰᠠᠨ᠎ᠨᠢ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯ ᠡᠩ ᠭᠠᠵᠠᠷ ᠪᠣᠯᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠲᠥᠷᠥᠯ ᠵᠦᠶᠯ᠎ᠤᠨ ᠬᠠᠷᠢᠭᠤᠴᠠᠯᠭ᠋ᠠᠲᠠᠨ ᠪᠣᠯᠤᠭᠰᠠᠨ᠎ᠤ ᠬᠤᠪᠢ᠎ᠳᠤ ᠠᠳᠠᠯᠢ ᠬᠤᠭᠤᠴᠠᠭ᠋ᠠᠨ᠎ᠤ ᠡᠷᠭᠢᠯᠡᠭᠰᠡᠨ ᠲᠥᠷᠥᠯ ᠵᠦᠶᠯ᠎ᠨᠢ 1 ᠵᠦᠶᠯ᠎ᠠᠴᠠ ᠬᠡᠲᠦᠷᠡᠵᠦ ᠪᠣᠯᠬᠤ ᠥᠬᠡᠶ᠃
    ᠶᠠᠮᠠᠷ ᠪᠠᠶ᠋ᠢᠳᠠᠯ᠎ᠳᠤ ᠲᠥᠷᠥᠯ ᠵᠦᠶᠯ᠎ᠳᠤ ᠲᠣᠬᠢᠷᠠᠭᠤᠯᠤᠯᠲᠠ ᠬᠢᠬᠦ ᠪᠤᠶᠤ ᠵᠣᠭᠰᠣᠭ᠋ᠠᠬᠤ᠎ᠪᠠᠷ ᠭᠤᠶᠤᠴᠢᠯᠠᠵᠤ ᠪᠣᠯᠬᠤ ᠪᠣᠶ?
    ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠋ᠠᠨ᠎ᠳᠤ ᠰᠠᠨᠠᠭ᠋ᠠᠨ᠎ᠳᠤ ᠦᠭᠡᠢ ᠪᠠᠢ᠍ᠳᠠᠯ ᠭᠠᠷᠴᠤ᠂ ᠲᠥᠷᠥᠯ ᠵᠦᠶᠯ᠎ᠤᠨ ᠬᠠᠷᠢᠭᠤᠴᠠᠯᠭ᠋ᠠᠲᠠᠨ᠂ ᠲᠥᠷᠥᠯ ᠵᠦᠶᠯ᠎ᠤᠨ ᠭᠦᠶᠴᠡᠳᠬᠡᠬᠦ ᠬᠤᠭᠤᠴᠠᠭ᠋ᠠᠨ᠎ᠳᠤ ᠲᠣᠬᠢᠷᠠᠭᠤᠯᠤᠯᠲᠠ ᠬᠢᠬᠣ ᠪᠤᠶᠤ ᠰᠤᠳᠤᠯᠭ᠋ᠠᠨ᠎ᠤ ᠴᠢᠭᠯᠡᠯ᠂ ᠬᠢᠨᠠᠨ ᠰᠢᠯᠭ᠋ᠠᠬᠤ ᠭᠦᠶᠴᠡᠳᠬᠡᠯ ᠲᠣᠭ᠎ᠠ ᠵᠢ ᠬᠤᠪᠢᠷᠠᠭᠤᠯᠬᠤ ᠵᠡᠷᠭᠡ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠨᠥᠯᠥᠭᠡᠯᠡᠵᠦ ᠮᠡᠳᠡᠬᠦ ᠴᠢᠬᠤᠯᠠ ᠶᠡᠬᠡ ᠵᠦᠶᠯᠡᠰ᠎ᠢ ᠮᠡᠳᠡᠭᠦᠯᠦᠨ ᠴᠣᠬᠣᠯᠠᠪᠤᠷᠢᠯᠠᠵᠤ ᠬᠡᠷᠡᠭᠵᠢᠭᠦᠯᠬᠦ ᠴᠢᠬᠤᠯᠠᠲᠠᠶ᠃ ᠲᠥᠷᠥᠯ ᠵᠦᠶᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠮᠡᠳᠡᠭᠡ ᠵᠠᠩᠭᠢ ᠵᠢᠨ ᠰᠢᠰᠲ᠋ᠧᠮ ᠵᠶ᠋ᠠᠷ ᠳᠠᠮᠵᠢᠭᠤᠯᠤᠨ ᠴᠠᠭ ᠲᠤᠬᠠᠶ᠎ᠳᠤᠨᠢ ᠱᠠᠲᠤ ᠳᠠᠷᠠᠭ᠋ᠠᠯᠠᠨ ᠲᠣᠬᠢᠷᠠᠭᠤᠯᠤᠯᠲᠠ ᠬᠢᠯᠭᠡᠬᠦ᠎ᠪᠠᠷ ᠭᠤᠶᠤᠴᠢᠯᠠᠵᠤ᠂ ᠲᠣᠬᠢᠷᠠᠭᠤᠯᠤᠯᠲᠠ ᠬᠢᠬᠦ ᠳᠡᠰ ᠳᠠᠷᠠᠭ᠋ᠠᠯᠠᠯ᠎ᠢ ᠪᠦᠷᠢᠨ ᠲᠡᠭᠦᠯᠳᠡᠷ ᠪᠠᠶ᠋ᠢᠯᠭ᠋ᠠᠬᠤ ᠪᠣᠯ ᠲᠥᠷᠥᠯ ᠵᠦᠶᠯ᠎ᠢ ᠰᠢᠯᠭ᠋ᠠᠨ ᠠᠪᠬᠤ ᠵᠢᠨ ᠴᠢᠬᠤᠯᠠ ᠪᠦᠬᠦᠢ ᠨᠥᠬᠥᠴᠡᠯ ᠪᠣᠯᠤᠨ᠎ᠠ᠃
    ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠰᠠᠨᠠᠭ᠋ᠠᠨ᠎ᠳᠤ ᠦᠭᠡᠢ ᠬᠡᠷᠡᠭ ᠭᠠᠷᠴᠤ᠂ ᠲᠥᠷᠥᠯ ᠵᠦᠢ᠍ᠯ᠎ᠢ ᠬᠡᠷᠡᠭ ᠵᠢᠭᠦᠯᠬᠦ ᠵᠢᠨ ᠠᠷᠭ᠎ᠠ ᠦᠭᠡᠢ ᠪᠣᠯᠤᠭᠰᠠᠨ ᠪᠣᠯ ᠲᠥᠷᠥᠯ ᠵᠦᠶᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠦᠭᠦᠳ ᠲᠥᠷᠥᠯ ᠵᠦᠶᠯ᠎ᠢ ᠵᠣᠭᠰᠣᠭ᠋ᠠᠬᠤ᠎ᠪᠠᠷ ᠴᠠᠭ ᠲᠤᠬᠠᠶ᠎ᠳᠤᠨᠢ ᠭᠤᠶᠤᠴᠢᠯᠠᠬᠤ ᠬᠡᠷᠡᠭᠲᠡᠶ᠂ ᠬᠡᠷᠪᠡ ᠪᠤᠰᠤᠳᠴᠢ ᠰᠢᠯᠲᠠᠭ᠋ᠠᠨ᠎ᠠᠴᠠ ᠪᠣᠯᠤᠭᠰᠠᠨ ᠲᠥᠷᠥᠯ ᠵᠦᠶᠯ᠎ᠤᠨ ᠢᠯᠠᠭᠳᠠᠯ᠎ᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠦᠭᠡᠶ ᠪᠠᠢ᠌ᠬᠤ ᠬᠡᠷᠡᠭᠲᠡᠶ᠃ ᠳᠠᠭᠤᠰᠬᠠᠬᠤ ᠳᠡᠰ ᠳᠠᠷᠠᠭ᠋ᠠᠯᠠᠯ᠎ᠢ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠬᠦ ᠨᠢᠭᠡᠴᠡ᠎ᠠᠴᠠ ᠮᠡᠳᠡᠭᠡ ᠵᠠᠩᠭᠢ ᠵᠢᠨ ᠰᠢᠰᠲ᠋ᠧᠮ ᠵᠶ᠋ᠠᠷ ᠳᠠᠮᠵᠢᠨ ᠱᠠᠲᠤ ᠳᠠᠷᠠᠭ᠋ᠠᠯᠠᠨ ᠭᠤᠶᠤᠴᠢᠯᠠᠵᠤ᠂ ᠬᠡᠷᠪᠡ ᠳᠠᠭ᠋ᠠᠭ᠋ᠠᠨ ᠡᠭᠦᠷᠭᠡᠯᠡᠭᠰᠡᠨ ᠨᠢᠭᠡᠴᠡ ᠰᠠᠨᠠᠭ᠋ᠠᠴᠢᠯᠠᠭ᠎ᠠ᠎ᠠᠴᠠ᠎ᠪᠠᠨ ᠭᠤᠶᠤᠴᠢᠯᠠᠵᠤ ᠳᠠᠢ᠍ᠯᠠᠬᠤ ᠦᠭᠡᠢ ᠪᠣᠯ ᠰᠢᠢ᠍ᠳᠪᠤᠷᠢᠯᠡᠬᠦ ᠰᠠᠨᠠᠭᠤᠯᠭ᠎ᠠ ᠳᠤᠷᠠᠳᠴᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠴᠣᠬᠣᠯᠠᠪᠤᠷᠢᠯᠠᠭᠤᠯᠤᠭᠰᠠᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃
    ᠮᠡᠳᠡᠭᠡ ᠵᠠᠩᠭᠢ ᠮᠡᠳᠡᠭᠦᠯᠦᠨ ᠬᠦᠷᠭᠡᠬᠦ ᠨᠢᠭᠡᠴᠡ᠄ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ

ᠢᠷᠡᠯᠲᠡ᠄
          
ᠬᠠᠮᠢᠶ᠎ᠡ ᠪᠦᠬᠦᠢ ᠰᠣᠨᠢᠨ
 
            
Baidu
map