ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠡᠷᠡᠭᠵᠢᠭᠦᠯᠬᠦ ᠨᠠᠷᠢᠨ ᠳᠦᠷᠢᠮ !《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠪᠡᠯᠡᠳᠬᠡᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠲᠠᠯᠪᠢᠵᠤ ᠬᠠᠮᠲᠤ᠎ᠪᠠᠷ ᠡᠳ᠋ᠯᠡᠬᠦ ᠵᠢ ᠦᠨᠡᠯᠡᠨ ᠰᠢᠯᠭ᠋ᠠᠬᠤ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》
ᠨᠡᠶ᠋ᠢᠲᠡᠯᠡᠭᠰᠡᠨ ᠴᠠᠭ᠄ 2023-04-07


   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠪᠡᠯᠡᠳᠬᠡᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠨᠡᠭᠡᠭᠡᠵᠦ ᠬᠠᠮᠲᠤ᠎ᠳᠤ᠎ᠪᠠᠨ ᠭᠥᠷᠳᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠪᠡᠯᠡᠳᠬᠡᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠬᠡᠷᠡᠭᠯᠡᠵᠦ ᠦᠨᠡᠯᠡᠨ ᠰᠢᠯᠭ᠋ᠠᠬᠤ ᠠᠵᠢᠯ᠎ᠢ ᠵᠢᠷᠤᠮᠵᠢᠭᠤᠯᠤᠨ᠎ᠠ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ᠂ ᠰᠤᠷᠭ᠋ᠠᠨ ᠬᠥᠮᠦᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠪᠡᠯᠡᠳᠬᠡᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠲᠠᠯᠪᠢᠵᠤ ᠬᠠᠮᠲᠤ᠎ᠪᠠᠷ ᠭᠥᠷᠳᠡᠵᠦ ᠦᠨᠡᠯᠡᠨ ᠰᠢᠯᠭ᠋ᠠᠨ ᠬᠢᠨᠠᠬᠤ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠬᠡᠷᠡᠭᠵᠢᠭᠦᠯᠬᠦ ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠂ ᠨᠠᠢ᠌ᠷᠠᠭᠤᠯᠤᠭᠴᠢ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢ ᠦᠨᠳᠦᠰᠦᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠨᠡᠭᠡᠭᠡᠯᠲᠡ᠎ᠲᠠᠢ ᠬᠠᠮᠲᠤ᠎ᠪᠠᠷ ᠡᠳ᠋ᠯᠡᠬᠦ ᠦᠨᠡᠯᠡᠨ ᠰᠢᠯᠭ᠋ᠠᠬᠤ ᠠᠰᠠᠭᠤᠳᠠᠯ᠎ᠢ ᠡᠮᠬᠢᠳᠬᠡᠪᠡ᠂ ᠣᠯᠠᠨ᠎ᠤ ᠯᠠᠪᠯᠠᠯᠲᠠ ᠪᠣᠯᠭ᠋ᠠᠨ ᠰᠤᠷᠤᠯᠴᠠᠬᠤ᠎ᠳᠤ ᠬᠠᠩᠭ᠋ᠠᠨ᠎ᠠ  ᠃
    ᠨᠢᠭᠡ᠂ 《ᠬᠡᠷᠡᠭᠵᠢᠭᠦᠯᠬᠦ ᠨᠠᠷᠢᠨ ᠲᠦᠷᠢᠮ》᠎ᠢ ᠲᠣᠭᠲᠠᠭ᠋ᠠᠭᠰᠠᠨ ᠠᠬᠤᠶ ᠪᠠᠢ᠌ᠳᠠᠯ ᠪᠠ ᠵᠣᠷᠢᠯᠭ᠎ᠠ᠎ᠨᠢ ᠶᠠᠭᠤ ᠪᠣᠶ?
   2022 ᠣᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ 《ᠤᠯᠤᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠪᠣᠯᠤᠨ ᠲᠤᠮᠤ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠴᠢᠯᠥᠭᠡᠲᠡᠢ ᠲᠠᠯᠪᠢᠵᠤ ᠬᠠᠮᠲᠤ᠎ᠪᠠᠷ ᠡᠳ᠋ᠯᠡᠬᠦ ᠦᠨᠡᠯᠡᠯᠲᠡ ᠬᠢᠨᠠᠨ ᠰᠢᠯᠭ᠋ᠠᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠨᠡᠢ᠌ᠲᠡᠯᠡᠵᠦ᠂ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠪᠣᠯᠤᠨ ᠲᠤᠮᠤ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠴᠢᠯᠥᠭᠡᠲᠡᠢ ᠲᠠᠯᠪᠢᠵᠤ ᠬᠠᠮᠲᠤ᠎ᠪᠠᠷ ᠡᠳ᠋ᠯᠡᠬᠦ ᠦᠨᠡᠯᠡᠯᠲᠡ ᠬᠢᠨᠠᠨ ᠰᠢᠯᠭ᠋ᠠᠯᠲᠠ ᠵᠢᠨ ᠠᠵᠢᠯ᠎ᠢ ᠤᠯᠠᠮ ᠴᠢᠨᠠᠭᠰᠢᠳᠠ ᠵᠢᠷᠤᠮᠵᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠪᠣᠯᠤᠨ ᠲᠤᠮᠤ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠤᠨ ᠬᠠᠮᠢᠶᠠᠷᠤᠯᠲᠠ ᠵᠢᠨ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠪᠠ  ᠃ ᠤᠯᠤᠰ᠎ᠤᠨ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠪᠡᠯᠡᠳᠬᠡᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠨᠡᠢ᠌ᠭᠡᠮ᠎ᠳᠤ ᠴᠢᠯᠥᠭᠡᠲᠡᠶ ᠲᠠᠯᠪᠢᠵᠤ ᠬᠠᠮᠲᠤ᠎ᠪᠠᠷ ᠭᠥᠷᠳᠡᠬᠦ ᠵᠢ ᠠᠬᠢᠭᠤᠯᠤᠨ᠂ ᠦᠢᠯᠡᠴᠢᠯᠡᠭᠡᠨ᠎ᠤ ᠳᠠᠯᠳᠠ ᠴᠢᠳᠠᠪᠤᠷᠢ ᠵᠢ ᠭᠦᠢᠴᠡᠳ ᠪᠠᠳᠠᠷᠠᠭᠤᠯᠵᠤ᠂ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ 《ᠬᠠᠮᠢᠶᠠᠷᠤᠯᠲᠠ ᠵᠢᠨ ᠠᠷᠭ᠎ᠠ》 ᠵᠢ ᠪᠣᠳᠠᠲᠠᠶ ᠨᠠᠢ᠌ᠳᠠᠪᠤᠷᠢᠵᠢᠭᠤᠯᠵᠤ ᠨᠠᠷᠢᠯᠢᠭ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠦᠨᠡᠯᠡᠵᠦ ᠰᠢᠯᠭ᠋ᠠᠨ ᠬᠢᠨᠠᠬᠤ ᠠᠵᠢᠯ᠎ᠢ ᠵᠢᠷᠤᠮᠵᠢᠭᠤᠯᠬᠤ᠎ᠪᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠡᠯᠡᠳᠬᠡᠮᠵᠢ ᠪᠠ ᠬᠡᠮᠵᠢᠭᠦᠷᠯᠢᠭ᠎ᠢ ᠴᠢᠯᠥᠭᠡᠲᠡᠶ ᠲᠠᠯᠪᠢᠵᠤ ᠬᠠᠮᠲᠤ᠎ᠪᠠᠷ ᠭᠥᠷᠳᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ᠂ 《ᠬᠡᠷᠡᠭᠵᠢᠭᠦᠯᠬᠦ ᠨᠠᠷᠢᠨ ᠲᠦᠷᠢᠮ》᠎ᠢ ᠲᠣᠭᠲᠠᠭ᠋ᠠᠪᠠ  ᠃
    ᠬᠣᠶᠠᠷ᠂ 《ᠬᠡᠷᠡᠭᠵᠢᠭᠦᠯᠬᠦ ᠨᠠᠷᠢᠨ ᠲᠦᠷᠢᠮ》᠎ᠤᠨ ᠦᠨᠡᠯᠡᠨ ᠰᠢᠯᠭ᠋ᠠᠬᠤ ᠡᠲᠡᠭᠡᠳ ᠬᠢᠭᠡᠳ ᠬᠡᠪᠴᠢᠶ᠎ᠡ᠎ᠨᠢ ᠶᠠᠭᠤ ᠪᠣᠶ?
    ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠬᠢᠭᠡᠳ ᠡᠳ᠋᠎ᠤᠨ ᠵᠠᠰᠠᠭ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠎ᠨᠢ ᠵᠢᠯ ᠪᠦᠷᠢ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡᠳᠬᠡᠮᠵᠢ ᠬᠢᠭᠡᠳ ᠬᠡᠮᠵᠢᠭᠦᠷᠯᠢᠭ᠎ᠤᠨ ᠬᠠᠮᠢᠶᠠᠷᠤᠯᠲᠠ᠂ ᠠᠵᠢᠯᠯᠠᠭ᠋ᠠᠨ ᠵᠢᠴᠢ ᠨᠡᠭᠡᠭᠡᠯᠲᠡ ᠬᠢᠵᠦ ᠬᠠᠮᠲᠤ᠎ᠳᠤ᠎ᠪᠠᠨ ᠭᠥᠷᠳᠡᠬᠦ ᠶᠡᠷᠦᠩᠬᠡᠶ ᠪᠠᠢ᠌ᠳᠠᠯ᠎ᠳᠤ ᠨᠢᠭᠡ ᠤᠳᠠᠭ᠋ᠠᠨ᠎ᠤ ᠦᠨᠡᠯᠡᠯᠲᠡ ᠰᠢᠯᠭ᠋ᠠᠨ ᠬᠢᠨᠠᠬᠤ ᠵᠢ ᠥᠷᠨᠢᠭᠦᠯᠦᠨ᠎ᠡ᠂ ᠡᠲᠡᠭᠡᠳ᠎ᠨᠢ ᠣᠷᠣᠨ᠎ᠤ ᠳᠣᠲᠣᠷᠠᠬᠢ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠠᠵᠤ ᠠᠬᠤᠢ᠌ᠯᠠᠯ᠂ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠡᠷᠭᠡ ᠨᠡᠭᠡᠭᠡᠯᠲᠡ ᠬᠢᠵᠦ ᠬᠠᠮᠲᠤ᠎ᠳᠤ᠎ᠪᠠᠨ ᠭᠥᠷᠳᠡᠬᠦ ᠬᠠᠮᠢᠶᠠᠷᠤᠯᠲᠠ ᠵᠢᠨ ᠨᠢᠭᠡᠴᠡ ᠪᠣᠯᠤᠨ᠎ᠠ  ᠃
    ᠦᠨᠡᠯᠡᠨ ᠰᠢᠯᠭ᠋ᠠᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡᠳᠬᠡᠮᠵᠢ ᠬᠢᠭᠡᠳ ᠬᠡᠮᠵᠢᠭᠦᠷᠯᠢᠭ᠎ᠲᠤ ᠵᠠᠰᠠᠭ᠎ᠤᠨ ᠣᠷᠳᠣᠨ᠎ᠤ ᠲᠥᠰᠦᠪ᠎ᠤᠨ ᠪᠡᠯᠡ ᠮᠥᠩᠭᠥ ᠵᠢᠨ ᠣᠷᠣᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠪᠣᠯᠤᠨ ᠬᠤᠳᠠᠯᠳᠤᠨ ᠠᠪᠤᠭᠰᠠᠨ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠨᠡᠭᠡᠭᠡᠯᠲᠡ ᠵᠢᠨ ᠠᠵᠢᠯᠯᠠᠭ᠎ᠠ᠎ᠳᠤ ᠬᠡᠷᠡᠭᠯᠡᠬᠦ ᠡᠯ᠎ᠡ ᠲᠥᠷᠥᠯ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠠᠭᠤᠷᠢ ᠪᠡᠯᠡᠳᠬᠡᠮᠵᠢ ᠪᠣᠯᠤᠨ ᠳᠠᠩ ᠰᠠᠤᠷᠢ (ᠢᠵᠢ) ᠵᠢᠨ ᠥᠷᠲᠡᠭ᠎ᠨᠢ 30 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠰᠢᠨᠵᠢᠯᠡᠬᠦ ᠤᠬᠠᠭ᠋ᠠᠨ᠎ᠤ ᠬᠡᠮᠵᠢᠭᠦᠷᠯᠢᠭ ᠲᠥᠬᠥᠭᠡᠷᠦᠮᠵᠢ ᠪᠠᠭᠲᠠᠨ᠎ᠠ  ᠃
    ᠭᠤᠷᠪᠠ᠂ 《ᠬᠡᠷᠡᠭᠵᠢᠭᠦᠯᠬᠦ ᠨᠠᠷᠢᠨ ᠲᠦᠷᠢᠮ》᠎ᠤᠨ ᠦᠨᠡᠯᠡᠵᠦ ᠬᠢᠨᠠᠨ ᠰᠢᠯᠭ᠋ᠠᠬᠤ ᠭᠦᠢᠴᠡᠳᠬᠡᠯ ᠲᠣᠭ᠎ᠠ᠎ᠨᠢ ᠶᠠᠭᠤ ᠪᠣᠶ?
   1. ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠪᠠᠢ᠌ᠳᠠᠯ᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠬᠥᠭᠡᠷᠦᠮᠵᠢ ᠪᠣᠯᠤᠨ ᠬᠡᠮᠵᠢᠭᠦᠷᠯᠢᠭ᠎ᠤᠨ ᠭᠠᠳᠠᠭ᠋ᠠᠳᠤ ᠨᠡᠭᠡᠭᠡᠯᠲᠡ ᠵᠢ ᠬᠠᠮᠲᠤ᠎ᠪᠠᠷ ᠡᠳ᠋ᠯᠡᠬᠦ ᠬᠠᠮᠢᠶᠠᠷᠤᠯᠲᠠ ᠵᠢᠨ ᠰᠢᠰᠲ᠋ᠧᠮ᠎ᠤᠨ ᠪᠠᠢ᠌ᠭᠤᠯᠤᠯᠲᠠ᠂ ᠰᠦᠯᠵᠢᠶᠡᠨ ᠳᠡᠭᠡᠷᠡᠬᠢ ᠦᠢᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ᠂ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠠᠭᠤᠷ ᠠᠮᠢᠰᠬᠤᠯ ᠪᠠᠭᠲᠠᠨ᠎ᠠ  ᠃
  2. ᠨᠡᠭᠡᠭᠡᠯᠲᠡ ᠵᠢᠨ ᠦᠷ᠎ᠡ ᠪᠦᠲᠦᠮᠵᠢ᠎ᠳᠤ ᠨᠡᠭᠡᠭᠡᠯᠲᠡ ᠵᠢᠨ ᠨᠣᠷᠮ᠎ᠠ᠂ ᠠᠰᠢᠭᠯᠠᠯᠲᠠ ᠵᠢᠨ ᠨᠣᠷᠮ᠎ᠠ᠂ ᠬᠠᠮᠲᠤ᠎ᠪᠠᠷ ᠡᠳ᠋ᠯᠡᠬᠦ ᠨᠣᠷᠮ᠎ᠠ᠂ ᠦᠢᠯᠡᠴᠢᠯᠡᠭᠡᠨ᠎ᠤ ᠣᠷᠣᠯᠭ᠎ᠠ ᠪᠠᠭᠲᠠᠨ᠎ᠠ  ᠃
   3. ᠦᠢᠯᠡᠴᠢᠯᠡᠭᠡᠨ᠎ᠤ ᠦᠷ᠎ᠡ ᠪᠦᠲᠦᠮᠵᠢ᠎ᠳᠤ ᠬᠣᠯᠪᠣᠭᠳᠠᠬᠤ ᠥᠬᠡᠶ ᠨᠢᠭᠡᠴᠡ᠂ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠢ᠌ᠲᠡ᠂ ᠬᠤᠪᠢ ᠬᠥᠮᠦᠨ᠎ᠳᠤ ᠦᠢᠯᠡᠴᠢᠯᠡᠬᠦ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠭᠦᠷᠭᠡ ᠵᠢᠨ ᠪᠠᠢ᠌ᠳᠠᠯ ᠵᠢᠴᠢ ᠬᠠᠮᠢᠶ᠎ᠠ ᠪᠥᠬᠥᠶ ᠰᠤᠳᠤᠯᠭ᠋ᠠᠨ᠎ᠤ ᠦᠷ᠎ᠡ ᠪᠦᠲᠦᠭᠡᠯ᠎ᠤᠨ ᠭᠠᠷᠭ᠋ᠠᠯᠲᠠ᠂ ᠬᠢᠷᠢ ᠬᠡᠮᠵᠢᠶ᠎ᠡ ᠬᠢᠭᠡᠳ ᠬᠤᠪᠢ ᠨᠡᠮᠡᠷᠢ᠂ ᠬᠡᠷᠡᠭᠯᠡᠭᠴᠢ ᠵᠢᠨ ᠦᠨᠡᠯᠡᠯᠲᠡ ᠵᠢᠨ ᠪᠠᠢ᠌ᠳᠠᠯ ᠵᠡᠷᠭᠡ ᠵᠢ ᠪᠠᠭᠲᠠᠭ᠋ᠠᠨ᠎ᠠ  ᠃
    ᠳᠥᠷᠪᠡ᠂ 《ᠬᠡᠷᠡᠭᠵᠢᠭᠦᠯᠬᠦ ᠨᠠᠷᠢᠨ ᠲᠦᠷᠢᠮ》᠎ᠤᠨ ᠦᠨᠡᠯᠡᠵᠦ ᠬᠢᠨᠠᠨ ᠰᠢᠯᠭ᠋ᠠᠬᠤ ᠶᠠᠪᠤᠴᠠ᠎ᠨᠢ ᠶᠠᠭᠤ ᠪᠣᠶ?
   1. ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠦᠨᠡᠯᠡᠵᠦ ᠰᠢᠯᠭ᠋ᠠᠨ ᠬᠢᠨᠠᠬᠤ ᠮᠡᠳᠡᠭᠳᠡᠯ ᠨᠡᠢ᠌ᠲᠡᠯᠡᠵᠦ᠂ ᠦᠨᠡᠯᠡᠵᠦ ᠰᠢᠯᠭ᠋ᠠᠨ ᠬᠢᠨᠠᠬᠤ ᠪᠣᠳᠠᠲᠠᠶ ᠠᠭᠤᠯᠭ᠎ᠠ ᠪᠠ ᠱᠠᠭ᠋ᠠᠷᠳᠠᠯᠭ᠎ᠠ ᠵᠢ ᠲᠣᠳᠣᠷᠬᠠᠢ᠌ᠯᠠᠨ᠎ᠠ  ᠃
   2. ᠦᠨᠡᠯᠡᠵᠦ ᠰᠢᠯᠭ᠋ᠠᠨ ᠬᠢᠨᠠᠬᠤ ᠨᠢᠭᠡᠴᠡ᠎ᠨᠢ ᠦᠨᠡᠯᠡᠵᠦ ᠰᠢᠯᠭ᠋ᠠᠨ ᠬᠢᠨᠠᠬᠤ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠰᠦᠪᠡᠨ ᠦᠨᠡᠯᠡᠬᠦ ᠵᠢ ᠥᠷᠨᠢᠭᠦᠯᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ ᠬᠢᠵᠦ ᠬᠠᠮᠲᠤᠪᠠᠷ ᠭᠥᠷᠳᠡᠬᠦ ᠲᠣᠤᠷ ᠰᠦᠯᠵᠢᠶ᠎ᠡ ᠵᠢᠨ ᠬᠠᠮᠢᠶᠠᠷᠤᠯᠲᠠ ᠵᠢᠨ ᠲᠠᠪᠴᠠᠩ᠎ᠳᠤ ᠲᠦᠰᠢᠭᠯᠡᠨ ᠥᠪᠡᠰᠦᠪᠡᠨ ᠦᠨᠡᠯᠡᠭᠰᠡᠨ ᠮᠡᠳᠡᠭᠦᠯᠦᠯᠲᠡ᠎ᠪᠠᠨ ᠲᠤᠰᠢᠶᠠᠨ᠎ᠠ  ᠃
   3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠎ᠠᠴᠠ ᠡᠯ᠎ᠡ ᠨᠢᠭᠡᠴᠡ ᠵᠢᠨ ᠲᠤᠰᠢᠶᠠᠭᠰᠠᠨ ᠥᠪᠡᠰᠦᠪᠡᠨ ᠦᠨᠡᠯᠡᠭᠰᠡᠨ ᠮᠡᠳᠡᠭᠦᠯᠦᠯᠲᠡ ᠵᠢ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ ᠬᠢᠵᠦ ᠬᠠᠮᠲᠤᠪᠠᠷ ᠬᠦᠷᠲᠡᠬᠦ ᠲᠣᠤᠷ ᠰᠦᠯᠵᠢᠶ᠎ᠡ ᠵᠢᠨ ᠬᠠᠮᠢᠶᠠᠷᠤᠯᠲᠠ ᠵᠢᠨ ᠲᠠᠪᠴᠠᠩ ᠣᠨ ᠪᠤᠰᠤᠳᠴᠢ ᠲᠣᠭ᠎ᠠ ᠪᠠᠷᠢᠮᠲᠠ᠎ᠲᠠᠢ ᠤᠶᠠᠯᠳᠤᠭᠤᠯᠤᠨ ᠦᠨᠡᠯᠡᠬᠦ᠎ᠠᠴᠠ ᠡᠮᠦᠨ᠎ᠡ ᠬᠢᠨᠠᠨ ᠬᠠᠷᠭᠤᠭᠤᠯᠬᠤ ᠵᠢᠨ ᠬᠠᠮᠲᠤ᠂ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠦᠨᠡᠯᠡᠯᠲᠡ ᠬᠢᠵᠦ ᠰᠢᠯᠭ᠋ᠠᠨ ᠬᠢᠨᠠᠬᠤ ᠭᠦᠢᠴᠡᠳᠬᠡᠯ ᠲᠣᠭ᠎ᠠ ᠵᠢᠨ ᠰᠢᠰᠲ᠋ᠧᠮᠵᠢ᠎ᠲᠠᠢ ᠬᠠᠷᠢᠴᠠᠭᠤᠯᠤᠨ ᠶᠡᠷᠦᠩᠬᠡᠢ᠌ᠯᠡᠭᠰᠡᠨ ᠦᠨᠡᠯᠡᠯᠲᠡ ᠬᠢᠨ᠎ᠡ  ᠃
  4. ᠲᠥᠪᠯᠡᠷᠡᠭᠦᠯᠦᠨ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ ᠬᠡᠪ᠎ᠤᠨ ᠪᠤᠰᠤ ᠪᠠᠢ᠌ᠳᠠᠯ ᠣᠷᠣᠰᠢᠵᠤ ᠪᠠᠢ᠌ᠭ᠎ᠠ ᠨᠢᠭᠡᠴᠡ᠎ᠳᠤ ᠴᠢᠭᠯᠡᠭᠦᠯᠦᠯᠲᠦ ᠴᠢᠨᠠᠷᠲᠠᠶ᠎ᠪᠠᠷ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠬᠡᠮᠵᠢᠭᠦᠷᠯᠢᠭ᠎ᠤᠨ ᠠᠵᠢᠯᠯᠠᠭ᠋ᠠᠨ᠎ᠤ ᠬᠡᠷᠡᠭᠯᠡᠭᠰᠡᠨ ᠲᠡᠮᠳᠡᠭᠯᠡᠯ ᠵᠡᠷᠭᠡ ᠵᠢ ᠭᠣᠤᠯᠳᠠᠯᠭ᠎ᠠ᠎ᠲᠠᠢ ᠬᠠᠷᠭᠤᠭᠤᠯᠤᠨ ᠪᠠᠢ᠌ᠴᠠᠭ᠋ᠠᠨ᠎ᠠ  ᠃
    ᠲᠠᠪᠤ᠂ 《ᠬᠡᠷᠡᠭᠵᠢᠭᠦᠯᠬᠦ ᠨᠠᠷᠢᠨ ᠲᠦᠷᠢᠮ》᠎ᠳᠤ ᠦᠨᠡᠯᠡᠵᠦ ᠰᠢᠯᠭ᠋ᠠᠨ ᠬᠢᠨᠠᠭᠰᠠᠨ ᠦᠷ᠎ᠡ ᠳ᠋ᠦᠩ ᠵᠢᠴᠢ ᠬᠡᠷᠡᠭᠯᠡᠯᠲᠡ᠎ᠨᠢ ᠶᠠᠭᠤ ᠪᠣᠶ?
  1. ᠦᠨᠡᠯᠡᠵᠦ ᠰᠢᠯᠭ᠋ᠠᠨ ᠬᠢᠨᠠᠭᠰᠠᠨ ᠦᠷ᠎ᠡ ᠳ᠋ᠦᠩ᠎ᠢ ᠰᠢᠯᠢᠳᠡᠭ᠂ ᠰᠠᠢ᠌ᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠥᠬᠡᠶ ᠭᠡᠵᠦ ᠳᠥᠷᠪᠡᠨ ᠳᠡᠰ ᠬᠤᠪᠢᠶᠠᠨ᠎ᠠ  ᠃
    2. ᠰᠢᠯᠭ᠋ᠠᠨ ᠬᠢᠨᠠᠭᠰᠠᠨ ᠦᠷ᠎ᠡ ᠳ᠋ᠦᠩ᠎ᠳᠤ ᠰᠢᠯᠢᠳᠡᠭ ᠪᠠ ᠰᠠᠢ᠌ᠨ ᠰᠠᠢ᠌ᠬᠠᠨ ᠬᠠᠮᠢᠶᠠᠷᠤᠯᠲᠠ ᠵᠢᠨ ᠨᠢᠭᠡᠴᠡ᠎ᠳᠤ ᠲᠤᠰᠠᠯᠠᠮᠵᠢ ᠳᠡᠮᠵᠢᠯᠭᠡ ᠣᠯᠭᠣᠨ᠎ᠠ  ᠃
   3. ᠰᠢᠯᠭ᠋ᠠᠨ ᠬᠢᠨᠠᠭᠰᠠᠨ ᠦᠷ᠎ᠡ ᠳ᠋ᠦᠩ᠎ᠳᠤ ᠬᠢᠷᠢ ᠲᠡᠩᠴᠡᠭᠰᠡᠨ ᠥᠬᠡᠶ ᠨᠢᠭᠡᠴᠡ ᠵᠢ ᠮᠡᠳᠡᠭᠡᠯᠡᠨ ᠰᠢᠭᠦᠮᠵᠢᠯᠡᠵᠦ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠵᠢᠨ ᠬᠠᠮᠲᠤ᠂ ᠪᠠᠢ᠌ᠳᠠᠯ᠎ᠢ᠎ᠨᠢ ᠦᠵᠡᠵᠦ ᠪᠠᠢ᠌ᠭ᠋ᠠᠳ ᠬᠠᠮᠢᠶᠠᠷᠤᠯᠲᠠ ᠵᠢᠨ ᠨᠢᠭᠡᠴᠡ ᠵᠢᠨ ᠬᠤᠳᠠᠯᠳᠤᠨ ᠠᠪᠤᠭᠰᠠᠨ ᠪᠠᠯᠠ ᠮᠥᠩᠭᠥ ᠵᠢ ᠬᠠᠷᠭᠤᠭᠤᠯᠤᠨ ᠬᠠᠰᠤᠵᠤ ᠬᠠᠰᠤᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠦᠶ᠎ᠡ᠎ᠳᠤ ᠬᠡᠮᠵᠢᠭᠦᠷᠯᠢᠭ ᠲᠥᠬᠥᠭᠡᠷᠦᠮᠵᠢ ᠬᠤᠳᠠᠯᠳᠤᠨ ᠠᠪᠬᠤ ᠵᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠬᠢᠵᠠᠭ᠋ᠠᠷᠯᠠᠨ᠎ᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠵᠢᠩᠬᠢᠨᠢ᠎ᠪᠠᠷ ᠬᠡᠷᠡᠭᠵᠢᠭᠦᠯᠦᠨ᠎ᠡ! ᠵᠢᠷᠤᠭ ᠵᠶ᠋ᠠᠷ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠳᠥᠭᠥᠮ ᠦᠵᠡᠭᠦᠯᠬᠦ ᠠᠷᠭ᠎ᠠ ᠬᠡᠮᠵᠢᠶ᠎ᠡ ᠵᠢ ᠣᠢ᠌ᠯᠠᠭ᠋ᠠᠵᠠᠭ᠋ᠠᠶ᠎ᠠ
ᠲᠠᠷᠢᠶᠠᠴᠢᠳ ᠮᠠᠯᠴᠢᠳ᠎ᠲᠤ ᠠᠰᠢᠭ ᠬᠥᠷᠲᠡᠭᠡᠬᠦ ᠲᠥᠷᠥ ᠵᠢᠨ ᠪᠣᠳᠣᠯᠭ᠎ᠠ ᠵᠢᠨ ᠭᠤᠷᠪᠠᠳᠤᠭ᠋ᠠᠷ ᠡᠭᠡᠯᠵᠢ ᠵᠢᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠨᠥᠬᠥᠪᠦᠷᠢ ᠥᠭᠴᠦ ᠱᠠᠩᠨᠠᠬᠤ ᠲᠥᠷᠥ ᠵᠢᠨ ᠪᠣᠳᠣᠯᠭ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
@ ᠠᠵᠤ ᠠᠬᠤᠢ᠌ᠯᠠᠯ᠄ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ᠎ᠲᠤ ᠠᠵᠢᠯ ᠣᠯᠭᠣᠪᠠᠯ᠂ ᠡᠲᠡᠭᠡᠷ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ᠎ᠢ ᠭᠥᠷᠳᠡᠵᠦ ᠪᠣᠯᠣᠨ᠎ᠠ!
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠲᠠᠢ ᠬᠢᠮᠢ ᠵᠢᠨ ᠪᠣᠳᠠᠰ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ
 
            
Baidu
map