ᠨᠠᠢᠮᠠᠳᠤᠭ᠋ᠠᠷ ᠵᠦᠢ᠍ᠯ ᠦᠨᠡᠯᠡᠨ ᠵᠢᠱ᠌ᠢᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠭᠡᠳ ᠣᠨᠳᠣᠣ ᠰᠠᠨᠠᠯ ᠦᠭᠡᠶ ᠪᠣᠯ᠂ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠰᠢᠯᠢᠳᠡᠭ ᠪᠣᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠲᠤ ᠥᠪᠡᠷᠲᠡᠭᠡᠨ ᠵᠠᠰᠠᠬᠤ ᠣᠷᠣᠨ᠎ᠤ ᠡᠳ᠎ᠤᠨ ᠵᠠᠰᠠᠭ᠎ᠤᠨ ᠵᠠᠷᠤᠳᠠᠯ᠎ᠤᠨ ᠵᠣᠬᠢᠬᠤ ᠳᠡᠮᠵᠢᠯᠭᠡ ᠦᠵᠡᠭᠦᠯᠵᠦ᠂ ᠪᠡᠯᠡ ᠮᠥᠩᠭᠥ ᠵᠢᠨ ᠳᠡᠮᠵᠢᠯᠭᠡ ᠵᠢᠨ ᠲᠣᠭ᠎ᠠ ᠬᠡᠮᠵᠢᠶ᠎ᠡ ᠵᠢ ᠬᠣᠯᠪᠣᠭᠳᠠᠯ ᠪᠦᠬᠦᠢ ᠢᠵᠢ ᠪᠦᠷᠢᠳᠦᠭᠦᠯᠬᠦ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠵᠠᠷᠤᠳᠠᠯ᠎ᠢ ᠭᠣᠣᠯᠳᠠᠭᠤ ᠡᠵᠡᠨ ᠮᠡᠳᠡᠵᠦ ᠰᠡᠳᠦᠪ ᠰᠣᠩᠭᠣᠨ ᠰᠤᠳᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ᠂ ᠴᠢᠳᠠᠪᠤᠷᠢᠲᠠᠨ᠎ᠢ ᠬᠥᠮᠦᠵᠢᠭᠦᠯᠦᠨ ᠣᠷᠣᠭᠤᠯᠵᠤ ᠠᠪᠴᠢᠷᠠᠬᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ ᠬᠤᠳᠠᠯᠳᠤᠨ ᠠᠪᠬᠤ ᠪᠠ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ᠂ ᠲᠤᠷᠰᠢᠯᠲᠠ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠡᠷᠭᠡ ᠲᠠᠯ᠎ᠠ᠎ᠳᠤ ᠬᠡᠷᠡᠭᠯᠡᠨ᠎ᠡ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠬᠢᠷᠢ ᠬᠡᠮ ᠮᠡᠬᠡᠯᠡᠨ ᠠᠪᠤᠭᠰᠠᠨ ᠪᠠᠢ᠌ᠪᠠᠯ᠂ ᠡᠳ᠋᠎ᠤᠨ ᠵᠠᠰᠠᠭ᠎ᠤᠨ ᠪᠠᠯᠠ ᠮᠥᠩᠭᠥ ᠵᠢ ᠨᠡᠬᠡᠮᠵᠢᠯᠡᠨ ᠠᠪᠴᠢᠷᠠᠬᠤ ᠵᠢ ᠣᠯᠵᠤ ᠮᠡᠳᠡᠪᠡᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠲᠡᠮᠳᠡᠭᠯᠡᠯ᠎ᠳᠤ ᠣᠷᠣᠭᠤᠯᠬᠤ ᠵᠢᠨ ᠬᠠᠮᠲᠤ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ ᠃
ᠠᠷᠪᠠᠳᠤᠭ᠋ᠠᠷ ᠵᠦᠢ᠍ᠯ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠬᠢᠷᠢ ᠲᠡᠩᠴᠡᠭᠰᠡᠨ ᠦᠭᠡᠶ ᠪᠣᠯ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠂ ᠴᠡᠭᠴᠡᠯᠡᠨ ᠰᠠᠢ᠌ᠵᠢᠷᠠᠭᠤᠯᠬᠤ ᠬᠤᠭᠤᠴᠠᠭ᠎ᠠ᠎ᠨᠢ 1 ᠵᠢᠯ ᠪᠣᠯᠤᠨ᠎ᠠ᠂ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰ ᠠᠷᠭ᠎ᠠ ᠵᠢ ᠦᠨᠳᠦᠰᠦᠯᠡᠨ ᠵᠣᠬᠢᠶᠠᠨ ᠪᠠᠢ᠌ᠭᠤᠯᠤᠨ ᠦᠨᠡᠯᠡᠨ ᠵᠢᠱ᠌ᠢᠵᠦ᠂ ᠪᠠᠲᠤᠯᠠᠭᠳᠠᠭᠰᠠᠨ ᠦᠭᠡᠶ ᠪᠣᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠴᠣᠯᠠ ᠵᠢ᠎ᠨᠢ ᠬᠦᠴᠦᠨ ᠦᠭᠡᠶ ᠪᠣᠯᠭ᠋ᠠᠬᠤ ᠮᠥᠷᠲᠡᠭᠡᠨ 2 ᠵᠢᠯ᠎ᠤᠨ ᠳᠣᠲᠣᠷ᠎ᠠ ᠳᠠᠬᠢᠨ ᠮᠡᠳᠡᠭᠦᠯᠵᠦ ᠪᠣᠯᠬᠤ ᠦᠭᠡᠶ ᠃
ᠠᠷᠪᠠᠨ ᠨᠢᠭᠡᠳᠦᠭᠡᠷ ᠵᠦᠢ᠍ᠯ ᠳᠣᠣᠷᠠᠬᠢ ᠪᠠᠢ᠌ᠳᠠᠯ᠎ᠤᠨ ᠨᠢᠭᠡ᠎ᠨᠢ ᠭᠠᠷᠴᠤ᠂ ᠬᠢᠨᠠᠨ ᠲᠣᠭᠲᠠᠭ᠋ᠠᠯᠲᠠ ᠬᠢᠭᠡᠳ ᠦᠨᠡᠨ ᠪᠣᠳᠠᠲᠠᠶ ᠪᠠᠢ᠌ᠪᠠᠯ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ᠎ᠨᠢ ᠬᠦᠴᠦᠨ ᠦᠭᠡᠶ ᠪᠣᠯᠭ᠋ᠠᠨ᠎ᠠ ᠃
(ᠨᠢᠭᠡ) ᠬᠤᠭᠤᠴᠠᠭ᠎ᠠ ᠲᠤᠯᠤᠭᠰᠠᠨ ᠪᠠᠢ᠌ᠲᠠᠯ᠎ᠠ ᠣᠨ᠎ᠤ ᠮᠡᠳᠡᠭᠦᠯᠦᠯᠲᠡ᠎ᠪᠠᠨ ᠦᠯᠦ ᠲᠤᠰᠢᠶᠠᠭᠰᠠᠨ;
(ᠬᠣᠶᠠᠷ) ᠦᠨᠡᠯᠡᠨ ᠵᠢᠱ᠌ᠢᠬᠦ᠎ᠳᠤ ᠤᠴᠢᠷ ᠰᠢᠯᠲᠠᠭ᠋ᠠᠨ ᠦᠭᠡᠢ᠎ᠪᠠᠷ ᠣᠷᠣᠯᠴᠠᠭᠰᠠᠨ ᠦᠭᠡᠢ᠂ ᠲᠤᠬᠠᠢ ᠵᠢᠨ ᠲᠠᠯᠠᠪᠤᠷ᠎ᠲᠤ ᠰᠢᠯᠭ᠋ᠠᠨ ᠪᠠᠢ᠌ᠴᠠᠭ᠋ᠠᠵᠤ ᠬᠢᠨᠠᠨ ᠬᠠᠷᠭᠤᠭᠤᠯᠬᠤ᠎ᠳᠤ ᠬᠠᠮᠵᠢᠯᠴᠠᠭᠰᠠᠨ ᠦᠭᠡᠢ;
(ᠭᠤᠷᠪᠠ) ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠴᠦ᠂ ᠬᠤᠳᠠᠯ ᠬᠠᠭᠤᠷᠮᠠᠭ ᠮᠠᠲ᠋ᠧᠷᠢᠶᠠᠯ ᠪᠠ ᠦᠨᠡᠨ ᠪᠣᠳᠠᠲᠠᠢ ᠪᠤᠰᠤ ᠲᠣᠭ᠎ᠠ ᠪᠠᠷᠢᠮᠲᠠ ᠵᠢ ᠬᠠᠩᠭ᠋ᠠᠭᠰᠠᠨ;
(ᠳᠥᠷᠪᠡ) ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠵᠤ ᠳᠡᠢ᠌ᠯᠬᠦ ᠦᠭᠡᠶ;
(ᠲᠠᠪᠤ) ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ ᠵᠢᠴᠢ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠬᠦ ᠦᠭᠡᠶ ᠪᠤᠰᠤᠳ ᠪᠠᠢ᠌ᠳᠠᠯ᠃
ᠠᠷᠪᠠᠨ ᠬᠣᠶᠠᠳᠤᠭ᠋ᠠᠷ ᠵᠦᠢᠯ ᠰᠢᠯᠭ᠋ᠠᠨ ᠬᠢᠨᠠᠵᠤ ᠦᠨᠡᠯᠡᠨ ᠵᠢᠱ᠌ᠢᠬᠦ᠎ᠳᠤ ᠣᠷᠣᠯᠴᠠᠭᠰᠠᠨ ᠬᠣᠯᠪᠣᠭᠳᠠᠯ ᠪᠥᠬᠥᠶ ᠠᠵᠢᠯᠲᠠᠨ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ᠎ᠤᠨ ᠪᠦᠷᠢᠯᠳᠦᠬᠦᠨ᠎ᠨᠢ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠰᠢᠨᠵᠢᠯᠡᠬᠦ ᠤᠬᠠᠭ᠋ᠠᠨᠴᠢ᠂ ᠲᠥᠪ ᠭᠣᠤᠯᠴᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠶ᠂ ᠬᠠᠮᠢᠶ᠎ᠠ ᠪᠥᠬᠥᠶ ᠶᠠᠪᠤᠴᠠ ᠵᠢᠨ ᠮᠡᠳᠡᠭᠡ ᠵᠠᠩᠭᠢ ᠵᠢ ᠭᠠᠳᠠᠭᠰᠢ ᠨᠡᠢ᠌ᠲᠡᠯᠡᠵᠦ ᠪᠣᠯᠬᠤ ᠥᠬᠡᠶ᠂ ᠰᠢᠯᠭ᠋ᠠᠨ ᠬᠢᠨᠠᠵᠤ ᠦᠨᠡᠯᠡᠨ ᠵᠢᠱ᠌ᠢᠬᠦ ᠡᠲᠡᠭᠡᠳ᠎ᠤᠨ ᠶᠠᠮᠠᠷᠪᠠ ᠰᠦᠢᠳᠬᠡᠯ ᠬᠤᠷᠢᠶᠠᠵᠤ ᠪᠣᠯᠬᠤ ᠥᠬᠡᠶ᠃
ᠠᠷᠪᠠᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠨ᠎ᠠ᠃