ᠨᠢᠭᠡ᠂ ᠲᠣᠭᠲᠠᠭ᠋ᠠᠭᠰᠠᠨ ᠠᠬᠤᠶ ᠪᠠᠢ᠌ᠳᠠᠯ
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠪᠣᠯ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ 《〈ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠬᠥᠲᠥᠯᠪᠦᠷᠢ (2021 — 2035 ᠣᠨ)〉 ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠬᠡᠷᠡᠭᠵᠢᠭᠦᠯᠬᠦ ᠲᠥᠰᠦᠯ》᠂ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠷᠠᠭᠤᠯᠬᠤ ᠲᠤᠬᠠᠶ ᠬᠡᠷᠡᠭᠵᠢᠭᠦᠯᠬᠦ ᠲᠥᠰᠦᠯ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠪᠠ ᠬᠡᠷᠡᠭᠯᠡᠯᠲᠡ ᠵᠢᠨ ᠲᠥᠯᠥᠪᠵᠢᠭᠦᠯᠭᠡ》 ᠵᠡᠷᠭᠡ ᠲᠠᠯ᠎ᠠ᠎ᠪᠠᠷ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠵᠢᠯ᠎ᠳᠤ ᠲᠣᠳᠣᠷᠬᠠᠶ ᠪᠠᠶ᠋ᠢᠷᠢᠯᠠᠭᠤᠯᠤᠯᠲᠠ ᠬᠢᠪᠠ᠃ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠨᠢ ᠡᠭᠦᠷᠭᠡ ᠴᠢᠳᠠᠪᠤᠷᠢ᠎ᠲᠠᠢ᠎ᠪᠠᠨ ᠤᠶᠠᠯᠳᠤᠭᠤᠯᠤᠨ 《ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠢ ᠲᠣᠭᠲᠠᠭ᠋ᠠᠭᠰᠠᠨ ᠪᠥᠭᠡᠳ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠪᠣᠳᠠᠲᠠᠶ ᠲᠣᠭᠲᠠᠭ᠋ᠠᠯ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠡᠶ᠋ᠢᠮᠦ᠎ᠠᠴᠠ᠂ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠲᠣᠭᠲᠠᠭ᠋ᠠᠯ᠎ᠢ ᠮᠠᠨ᠎ᠤ ᠣᠷᠣᠨ᠎ᠳᠤ ᠨᠠᠶ᠋ᠢᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠬᠤ ᠵᠢᠨ ᠬᠠᠮᠲᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ) ᠵᠢᠨ ᠡᠭᠦᠷᠭᠡ ᠴᠢᠳᠠᠪᠤᠷᠢ᠎ᠲᠠᠢ ᠤᠶᠠᠯᠳᠤᠭᠤᠯᠤᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠨ ᠨᠡᠶ᠋ᠢᠲᠡᠯᠡᠪᠡ᠃
ᠬᠤᠶᠠᠷ᠂ ᠲᠣᠭᠲᠠᠭ᠋ᠠᠭᠰᠠᠨ ᠦᠨᠳᠦᠰᠦᠯᠡᠯ
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠶ ᠠᠰᠢᠭ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠸᠠᠷ᠎ᠤᠨ ᠲᠡᠮᠲᠡᠭᠲᠦ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠳᠦᠷᠢᠮ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠸᠠᠷ᠎ᠤᠨ ᠲᠡᠮᠲᠡᠭᠲᠦ ᠵᠢᠨ ᠬᠠᠤᠯᠢ ᠵᠢ ᠬᠡᠷᠡᠭᠵᠢᠭᠦᠯᠬᠦ ᠳᠦᠷᠢᠮ》᠂ 《ᠲᠤᠰᠬᠠᠶ ᠠᠰᠢᠭ᠎ᠤᠨ ᠣᠷᠣᠯᠠᠨ ᠭᠦᠢ᠍ᠴᠡᠳᠬᠡᠬᠦ ᠳᠦᠷᠢᠮ》᠂ 《ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠨᠡᠶ᠋ᠢᠲᠡᠯᠡᠬᠦ ᠲᠦᠷ ᠬᠡᠷᠡᠭᠵᠢᠭᠦᠯᠬᠦ ᠳᠦᠷᠢᠮ》᠂ 《ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》 ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠵᠶ᠋ᠡᠷ ᠲᠣᠭᠲᠠᠭ᠋ᠠᠵᠠᠶ᠃
ᠭᠤᠷᠪᠠ᠂ ᠭᠤᠣᠯ ᠠᠭᠤᠯᠭ᠎ᠠ
《ᠬᠠᠮᠢᠶᠠᠷᠤᠯᠲᠠ ᠵᠢᠨ ᠲᠣᠭᠲᠠᠭ᠋ᠠᠯ》᠎ᠳᠤ ᠨᠡᠶ᠋ᠢᠲᠡ ᠵᠢᠷᠭᠤᠭ᠋ᠠᠨ ᠪᠦᠯᠦᠭ ᠬᠤᠷᠢᠨ ᠳᠥᠷᠪᠡᠨ ᠵᠦᠢ᠍ᠯ᠂ ᠭᠤᠤᠯᠳᠠᠭᠤ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠭᠰᠠᠨ ᠪᠠᠶ᠋ᠢᠳᠠᠯ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠂ ᠵᠠᠰᠠᠨ ᠰᠡᠷᠭᠦᠭᠡᠬᠦ ᠳᠠᠷᠠᠭ᠋ᠠᠯᠠᠯ᠂ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠭᠤᠤᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠵᠢᠴᠢ ᠬᠠᠮᠢᠶᠠᠷᠬᠤ᠂ ᠢᠲᠡᠭᠡᠮᠵᠢ᠎ᠲᠠᠢ ᠪᠠᠶ᠋ᠢᠬᠤ ᠵᠢ ᠵᠣᠷᠢᠭᠵᠢᠭᠤᠯᠬᠤ᠂ ᠢᠲᠡᠭᠡᠮᠵᠢ ᠵᠢᠨ ᠠᠮᠠᠯᠠᠯᠲᠠ ᠵᠢᠴᠢ ᠢᠲᠡᠭᠡᠮᠵᠢ ᠵᠢᠨ ᠦᠨᠡᠯᠡᠯᠲᠡ ᠵᠡᠷᠭᠡ ᠵᠢ ᠲᠣᠭᠲᠠᠭ᠋ᠠᠪᠠ᠃ ᠨᠢᠭᠡᠳᠦᠭᠡᠷ ᠪᠦᠯᠦᠭ᠎ᠲᠤ ᠨᠡᠢ᠌ᠲᠡ 6 ᠵᠣᠷᠪᠣᠰ ᠪᠠᠢ᠌ᠵᠤ᠂ ᠲᠣᠭᠲᠠᠭ᠋ᠠᠭᠰᠠᠨ ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠠᠵᠢᠯ᠎ᠤᠨ ᠵᠠᠷᠴᠢᠮ᠂ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠡᠷᠭᠡ ᠵᠢ ᠲᠤᠳᠤᠷᠬᠠᠢ᠌ᠯᠠᠪᠠ; ᠬᠤᠶᠠᠳᠤᠭ᠋ᠠᠷ ᠪᠦᠯᠦᠭ᠎ᠲᠤ ᠨᠡᠢ᠌ᠲᠡ 7 ᠵᠣᠷᠪᠣᠰ ᠪᠠᠢ᠌ᠵᠤ᠂ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠭᠰᠠᠨ ᠪᠠᠶ᠋ᠢᠳᠠᠯ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠂ ᠵᠠᠰᠠᠨ ᠰᠡᠷᠭᠦᠭᠡᠬᠦ ᠳᠠᠷᠠᠭ᠋ᠠᠯᠠᠯ᠎ᠢ ᠲᠣᠭᠲᠠᠭ᠋ᠠᠪᠠ; ᠭᠤᠷᠪᠠᠳᠤᠭ᠋ᠠᠷ ᠪᠦᠯᠦᠭ᠎ᠲᠤ ᠨᠡᠶ᠋ᠢᠲᠡ 4 ᠵᠣᠷᠪᠣᠰ ᠪᠠᠢ᠌ᠵᠤ᠂ ᠬᠠᠤᠯᠢ ᠵᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠭᠣᠣᠯ ᠴᠣᠭᠴᠠ ᠵᠢ ᠮᠠᠭ᠋ᠠᠳᠯᠠᠨ ᠲᠣᠭᠲᠠᠭ᠋ᠠᠬᠤ ᠪᠠ ᠬᠠᠮᠢᠶᠠᠷᠬᠤ ᠲᠤᠬᠠᠢ ᠲᠣᠭᠲᠠᠭ᠋ᠠᠪᠠ; ᠳᠥᠷᠪᠡᠳᠦᠭᠡᠷ ᠪᠦᠯᠦᠭ᠎ᠲᠤ ᠨᠡᠶ᠋ᠢᠲᠡ 3 ᠵᠣᠷᠪᠣᠰ ᠪᠠᠢ᠌ᠵᠤ᠂ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ ᠠᠷᠭ᠎ᠠ ᠬᠡᠮᠵᠢᠶ᠎ᠡ᠂ ᠢᠲᠡᠭᠡᠮᠵᠢ ᠵᠢᠨ ᠠᠮᠠᠯᠠᠯᠲᠠ ᠵᠢᠴᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠦᠨᠡᠯᠡᠯᠲᠡ ᠬᠢᠭᠡᠳ ᠲᠠᠰ ᠲᠥᠷᠥᠯ ᠬᠤᠪᠢᠶᠠᠨ ᠬᠠᠮᠢᠶᠠᠷᠬᠤ ᠠᠵᠢᠯ᠎ᠤᠨ ᠵᠠᠷᠴᠢᠮ᠎ᠢ ᠲᠣᠭᠲᠠᠭ᠋ᠠᠪᠠ; ᠲᠠᠪᠤᠳᠤᠭ᠋ᠠᠷ ᠪᠦᠯᠦᠭ᠎ᠲᠤ ᠨᠡᠶ᠋ᠢᠲᠡ 2 ᠵᠣᠷᠪᠣᠰ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠠᠵᠢᠯᠲᠠᠨ᠎ᠤ ᠨᠢᠭᠤᠴᠠ ᠵᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠬᠢᠭᠡᠳ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠵᠢ ᠲᠣᠭᠲᠠᠭ᠋ᠠᠪᠠ; ᠵᠢᠷᠭᠤᠳᠤᠭ᠋ᠠᠷ ᠪᠦᠯᠦᠭ᠎ᠲᠤ ᠨᠠᠢ᠍ᠢ᠍ᠳᠠ 2 ᠵᠣᠷᠪᠣᠰ ᠪᠠᠢ᠌ᠵᠤ᠂ 《ᠬᠠᠮᠢᠶᠠᠷᠤᠯᠲᠠ ᠵᠢᠨ ᠲᠣᠭᠲᠠᠭ᠋ᠠᠯ》᠎ᠢ ᠲᠠᠢ᠌ᠯᠪᠤᠷᠢᠯᠠᠬᠤ ᠰᠠᠯᠠᠭ᠎ᠠ ᠮᠥᠴᠢᠷ ᠵᠢᠴᠢ ᠬᠡᠷᠡᠭᠵᠢᠭᠦᠯᠬᠦ ᠡᠳᠦᠷ ᠬᠤᠭᠤᠴᠠᠭ᠎ᠠ ᠵᠢ ᠲᠣᠭᠲᠠᠭ᠋ᠠᠪᠠ᠃
ᠳᠥᠷᠪᠡ᠂ ᠲᠣᠳᠣᠷᠬᠠᠢ᠌ᠯᠠᠬᠤ ᠴᠢᠬᠤᠯᠠᠲᠠᠢ ᠠᠰᠠᠭᠤᠳᠠᠯ
(ᠨᠢᠭᠡ) 《ᠬᠠᠮᠢᠶᠠᠷᠤᠯᠲᠠ ᠵᠢᠨ ᠲᠣᠭᠲᠠᠭ᠋ᠠᠯ》᠎ᠢ ᠬᠡᠷᠡᠭᠵᠢᠭᠦᠯᠬᠦ ᠱᠠᠲᠤ ᠳᠠᠪᠬᠤᠷᠭ᠎ᠠ ᠵᠢᠨ ᠲᠤᠬᠠᠢ᠃ 《ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠶᠠᠪᠤᠴᠠ᠎ᠳᠤ ᠢᠲᠡᠭᠡᠮᠵᠢ ᠵᠢᠨ ᠠᠮᠠᠯᠠᠯᠲᠠ ᠬᠢᠬᠦ᠂ ᠢᠲᠡᠭᠡᠮᠵᠢ ᠵᠢᠨ ᠦᠨᠡᠯᠡᠯᠲᠡ ᠬᠢᠬᠦ᠂ ᠢᠲᠡᠭᠡᠮᠵᠢ᠎ᠲᠠᠢ ᠪᠠᠢ᠌ᠬᠤ ᠵᠢ ᠤᠷᠮᠠᠰᠢᠭᠤᠯᠬᠤ᠂ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ᠂ ᠢᠲᠡᠭᠡᠮᠵᠢ ᠵᠢ ᠰᠡᠷᠭᠦᠭᠡᠬᠦ ᠵᠡᠷᠭᠡ ᠠᠵᠢᠯ᠎ᠢ ᠥᠷᠨᠢᠭᠦᠯᠬᠦ ᠲᠤᠬᠠᠢ ᠲᠣᠳᠣᠷᠬᠠᠢ ᠲᠣᠭᠲᠠᠭ᠋ᠠᠯ ᠭᠠᠷᠭ᠋ᠠᠵᠤ᠂ ᠲᠠᠷᠠᠭ᠋ᠠᠴᠢ ᠵᠢᠨ ᠠᠯᠬᠤᠮ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠢᠲᠡᠭᠡᠮᠵᠢ ᠵᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠨᠠᠩ ᠰᠠᠢ᠌ᠲᠤᠷ ᠠᠬᠢᠭᠤᠯᠬᠤ᠎ᠳᠤ ᠰᠠᠭᠤᠷᠢ ᠲᠠᠯᠪᠢᠨ᠎ᠠ᠃
(ᠬᠣᠶᠠᠷ) ᠢᠲᠡᠭᠡᠮᠵᠢ ᠠᠯᠳᠠᠭᠰᠠᠨ ᠥᠢ᠍ᠯᠡ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ ᠲᠤᠬᠠᠢ᠃ ᠨᠢᠭᠡ᠎ᠳᠤ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠠᠴᠠ ᠮᠠᠨ᠎ᠤ ᠣᠷᠣᠨ᠎ᠤ ᠬᠣᠯᠪᠣᠭᠳᠠᠯ ᠪᠦᠬᠦᠢ ᠭᠣᠣᠯ ᠴᠣᠭᠴᠠ ᠵᠢᠨ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ᠎ᠪᠠᠷ ᠮᠠᠭ᠋ᠠᠳᠯᠠᠨ ᠲᠣᠭᠲᠠᠭ᠋ᠠᠭᠳᠠᠭᠰᠠᠨᠢ ᠨᠡᠢ᠌ᠲᠡᠯᠡᠨ ᠮᠡᠳᠡᠭᠳᠡᠭᠰᠡᠨ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠠᠴᠠ ᠵᠡᠷᠭᠡ᠎ᠳᠤ᠎ᠨᠢ ᠮᠠᠭ᠋ᠠᠳᠯᠠᠨ ᠲᠣᠭᠲᠠᠭ᠋ᠠᠵᠤ᠂ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠤᠭ᠋ᠠᠯᠠᠨ ᠬᠥᠳᠡᠯᠦᠯᠴᠡᠵᠦ ᠵᠠᠯᠬᠠᠭ᠋ᠠᠨ ᠬᠣᠶᠠᠷ᠎ᠲᠤ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠨᠢ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠶᠠᠪᠤᠴᠠ᠎ᠳᠤ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠨ᠎ᠠ᠃
ᠲᠠᠪᠤ᠂ ᠠᠰᠠᠭᠤᠯᠲᠠ ᠬᠠᠷᠢᠭᠤᠯᠲᠠ ᠵᠢᠨ ᠲᠠᠢ᠌ᠯᠪᠤᠷᠢᠯᠠᠯᠲᠠ
ᠠᠰᠠᠭᠤᠯᠲᠠ ᠨᠢᠭᠡ᠄ ᠶᠠᠭᠤᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠲᠣᠭᠲᠠᠭ᠋ᠠᠵᠤ ᠨᠡᠢ᠌ᠲᠡᠯᠡᠬᠦ ᠪᠣᠶ?
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠢ ᠲᠣᠭᠲᠠᠭ᠋ᠠᠨ ᠨᠡᠢ᠌ᠲᠡᠯᠡᠭᠰᠡᠨ᠎ᠨᠢ ᠨᠢᠭᠡ᠎ᠳᠤ᠂ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠢ ᠨᠡᠩ ᠰᠠᠢ᠌ᠲᠤᠷ ᠲᠤᠭᠤᠰᠢᠯᠠᠭᠤᠯᠵᠤ ᠨᠠᠢ᠌ᠳᠠᠪᠤᠷᠢᠵᠢᠭᠤᠯᠬᠤ ᠵᠢᠨ ᠲᠦᠯᠦᠭᠡ ᠪᠣᠯᠣᠨ᠎ᠠ; ᠬᠣᠶᠠᠷ᠎ᠲᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ᠎ᠳᠤ ᠣᠷᠣᠭᠤᠯᠵᠤ᠂ ᠢᠲᠡᠭᠡᠮᠵᠢ ᠵᠢᠨ ᠨᠡᠢ᠌ᠭᠡᠮ᠎ᠢ ᠨᠡᠩ ᠰᠠᠢ᠌ᠨ ᠪᠠᠢ᠌ᠭᠤᠯᠤᠨ᠎ᠠ᠃ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《〈ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠥᠲᠥᠯᠪᠦᠷᠢ (2021 — 2035 ᠣᠨ)〉 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠵᠢᠭᠦᠯᠬᠦ ᠲᠥᠰᠥᠯ》 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠷᠠᠭᠤᠯᠬᠤ ᠲᠤᠬᠠᠢ ᠬᠡᠷᠡᠭᠵᠢᠭᠦᠯᠬᠦ ᠲᠥᠰᠥᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈 ᠠᠷᠪᠠᠨ ᠳᠥᠷᠪᠡᠳᠦᠭᠡᠷ ᠲᠠᠪᠤᠨ ᠵᠢᠯ〉᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠪᠠ ᠬᠡᠷᠡᠭᠯᠡᠯᠲᠡ ᠵᠢᠨ ᠲᠥᠯᠦᠪᠵᠢᠭᠦᠯᠭᠡ》 ᠵᠡᠷᠭᠡ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠲᠣᠳᠣᠷᠬᠠᠢ ᠪᠠᠢ᠌ᠷᠢᠯᠠᠭᠤᠯᠤᠯᠲᠠ ᠬᠢᠪᠡ᠃ ᠭᠤᠷᠪᠠ᠎ᠳᠤ᠂ ᠳᠦᠷᠢᠮ ᠵᠶ᠋ᠡᠷ ᠳᠠᠮᠵᠢᠭᠤᠯᠤᠨ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠩ ᠰᠠᠢ᠌ᠨ ᠵᠢᠷᠤᠮᠵᠢᠭᠤᠯᠵᠤ᠂ ᠮᠠᠭ᠋ᠠᠳᠯᠠᠨ ᠲᠣᠭᠲᠠᠭ᠋ᠠᠬᠤ᠂ ᠬᠠᠮᠢᠶᠠᠷᠬᠤ᠂ ᠵᠠᠯᠬᠠᠭ᠋ᠠᠨ ᠴᠡᠭᠡᠷᠯᠡᠭᠦᠯᠬᠦ᠂ ᠤᠷᠮᠠᠰᠢᠭᠤᠯᠬᠤ ᠨᠢᠭᠡᠳᠦᠯᠲᠡᠢ ᠪᠠᠷᠢᠮᠵᠢᠶ᠎ᠠ ᠵᠢ ᠪᠣᠶ ᠪᠣᠯᠭ᠋ᠠᠨ᠎ᠠ᠃
ᠠᠰᠠᠭᠤᠯᠲᠠ ᠬᠣᠶᠠᠷ᠄ 《ᠲᠣᠭᠲᠠᠭ᠋ᠠᠯ》᠎ᠢ ᠲᠣᠭᠲᠠᠭ᠋ᠠᠵᠤ ᠨᠡᠢ᠌ᠲᠡᠯᠡᠬᠦ᠎ᠳᠤ ᠶᠠᠮᠠᠷ ᠶᠠᠮᠠᠷ ᠪᠣᠳᠠᠲᠤ ᠱᠠᠭ᠋ᠠᠷᠳᠠᠯᠭ᠎ᠠ᠎ᠲᠠᠢ ᠪᠤᠶ?
ᠣᠳᠣᠬᠠᠨ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠤ ᠣᠷᠣᠰᠢᠵᠤ ᠪᠠᠢ᠌ᠭ᠎ᠠ ᠬᠡᠪ᠎ᠤᠨ ᠪᠤᠰᠤ ᠲᠤᠰᠬᠠᠢ ᠠᠰᠢᠭ᠎ᠤᠨ ᠭᠤᠶᠤᠴᠢᠯᠠᠯ᠂ ᠮᠠᠭᠤ ᠰᠠᠨᠠᠭ᠎ᠠ᠎ᠲᠠᠢ᠎ᠪᠠᠷ ᠲᠠᠸᠠᠷ᠎ᠤᠨ ᠲᠡᠮᠳᠡᠭᠲᠦ ᠵᠢ ᠳᠠᠩᠰᠠᠯᠠᠭᠤᠯᠬᠤ᠎ᠪᠠᠷ ᠭᠤᠶᠤᠴᠢᠯᠠᠬᠤ᠂ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠵᠤ ᠵᠠᠷᠤᠳᠠᠯ᠎ᠢ ᠮᠡᠬᠡᠯᠡᠨ ᠠᠪᠴᠤ ᠪᠠᠭ᠋ᠠᠰᠬᠠᠨ ᠲᠤᠰᠢᠶᠠᠬᠤ᠂ ᠲᠤᠰᠬᠠᠢ ᠠᠰᠢᠭ᠂ ᠲᠠᠸᠠᠷ᠎ᠤᠨ ᠲᠡᠮᠳᠡᠭᠲᠦ᠂ ᠭᠠᠵᠠᠷ ᠵᠦᠢ ᠵᠢᠨ ᠪᠡᠯᠭᠡ ᠲᠡᠮᠳᠡᠭ᠎ᠲᠤ ᠵᠣᠷᠢᠭᠤᠳᠠ ᠪᠤᠶᠤ ᠳᠠᠪᠬᠤᠷᠳᠠᠭᠤᠯᠤᠨ ᠬᠠᠯᠳᠠᠬᠤ ᠵᠡᠷᠭᠡ ᠢᠲᠡᠭᠡᠮᠵᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠮᠥᠨ ᠯᠡ ᠨᠡᠯᠢᠶᠡᠳ ᠲᠣᠪᠣᠢ᠌ᠮ᠎ᠠ ᠪᠠᠢ᠌ᠨ᠎ᠠ᠃ 《ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶᠠᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠨᠢ ᠭᠤᠤᠯᠳᠠᠭᠤ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠬᠠᠮᠢᠶ᠎ᠠ ᠪᠥᠬᠦᠶ ᠠᠵᠢᠯ᠎ᠳᠤ ᠴᠢᠭᠯᠡᠭᠦᠯᠦᠨ ᠲᠣᠭᠲᠠᠭ᠋ᠠᠯ ᠭᠠᠷᠭ᠋ᠠᠵᠤ᠂ ᠪᠠᠰᠠ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠰᠠᠶᠢ ᠨᠠᠩ ᠰᠠᠶ᠋ᠢᠨ ᠨᠠᠶ᠋ᠢᠳᠠᠪᠤᠷᠢᠵᠢᠭᠤᠯᠵᠤ ᠳᠡᠶ᠋ᠢᠯᠬᠦ ᠪᠣᠯᠬᠤᠷ 《ᠲᠣᠭᠲᠠᠭ᠋ᠠᠯ》᠎ᠢ ᠲᠣᠭᠲᠠᠭ᠋ᠠᠵᠤ ᠨᠡᠢ᠌ᠲᠡᠯᠡᠪᠡ᠃
ᠠᠰᠠᠭᠤᠯᠲᠠ ᠭᠤᠷᠪᠠ᠄ 《ᠲᠣᠭᠲᠠᠭ᠋ᠠᠯ》᠎ᠤᠨ ᠬᠠᠮᠢᠶᠠᠷᠤᠯᠲᠠ ᠵᠢᠨ ᠭᠣᠣᠯ ᠴᠣᠭᠴᠠ ᠪᠠ ᠬᠡᠷᠡᠭᠯᠡᠯᠲᠡ ᠵᠢᠨ ᠭᠣᠣᠯ ᠴᠣᠭᠴᠠ᠎ᠳᠤ ᠶᠠᠭᠤ ᠶᠠᠭᠤ ᠪᠠᠢ᠌ᠬᠤ ᠪᠣᠶ?
ᠬᠠᠮᠢᠶᠠᠷᠤᠯᠲᠠ ᠵᠢᠨ ᠭᠣᠣᠯ ᠴᠣᠭᠴᠠ᠎ᠨᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ) ᠪᠠᠢ᠌ᠵᠤ᠂ ᠭᠤᠣᠯ ᠴᠣᠭᠴᠠ᠎ᠳᠤ ᠬᠠᠷᠢᠶᠠᠯᠠᠭᠳᠠᠬᠤ ᠪᠣᠯᠪᠠᠴᠤ ᠲᠤᠰᠬᠠᠢ ᠠᠰᠢᠭ᠂ ᠲᠠᠸᠠᠷ᠎ᠤᠨ ᠲᠡᠮᠲᠡᠭᠲᠦ᠂ ᠭᠠᠵᠠᠷ ᠵᠦᠢ ᠵᠢᠨ ᠪᠡᠯᠭᠡ ᠲᠡᠮᠳᠡᠭ ᠵᠡᠷᠭᠡ ᠲᠤᠰᠬᠠᠢ ᠡᠷᠬᠡ᠎ᠲᠠᠢ ᠬᠤᠯᠪᠣᠭᠳᠠᠬᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠂ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠢ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠬᠤᠪᠢ ᠬᠥᠮᠥᠨ (ᠪᠠᠶ᠋ᠢᠭ᠋ᠠᠯᠢ ᠬᠥᠮᠦᠨ) ᠵᠡᠷᠭᠡ᠎ᠳᠤ ᠬᠢᠵᠠᠭ᠋ᠠᠷᠯᠠᠭᠳᠠᠬᠤ ᠦᠭᠡᠢ᠃
ᠠᠰᠠᠭᠤᠯᠲᠠ ᠳᠥᠷᠪᠡ᠄ 《ᠲᠣᠭᠲᠠᠭ᠋ᠠᠯ》᠎ᠳᠤ ᠶᠠᠮᠠᠷ ᠶᠠᠮᠠᠷ ᠦᠢᠯᠡ ᠠᠵᠢᠯᠯᠠᠭ᠎ᠠ ᠵᠢ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠳᠤ ᠣᠷᠣᠭᠤᠯᠬᠤ ᠪᠣᠶ? 《ᠲᠣᠭᠲᠠᠭ᠋ᠠᠯ》᠎ᠤᠨ ᠳᠣᠯᠣᠳᠤᠭ᠋ᠠᠷ ᠵᠣᠷᠪᠣᠰ᠎ᠲᠤ ᠬᠠᠤᠯᠢ ᠲᠣᠭᠲᠠᠭ᠋ᠠᠯ ᠶᠣᠰᠣᠭ᠋ᠠᠷ ᠨᠠᠢ᠍ᠮᠠᠨ ᠵᠦᠢ᠍ᠯ᠎ᠤᠨ ᠪᠣᠳᠠᠲᠠᠶ ᠦᠢ᠍ᠯᠡ ᠠᠵᠢᠯᠯᠠᠭ᠎ᠠ ᠵᠢ ᠢᠳᠡᠭᠡᠮᠵᠢ ᠠᠯᠳᠠᠭᠰᠠᠨ ᠦᠢ᠍ᠯᠡ ᠠᠵᠢᠯᠯᠠᠭ᠎ᠠ᠎ᠳᠤ ᠣᠷᠣᠭᠤᠯᠵᠤ᠂ ᠲᠣᠰ ᠲᠣᠰ᠄ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠠᠴᠠ ᠮᠠᠭᠤ ᠰᠠᠨᠠᠭ᠎ᠠ᠎ᠲᠠᠢ᠎ᠪᠠᠷ ᠲᠠᠸᠠᠷ᠎ᠤᠨ ᠲᠡᠮᠲᠡᠭᠲᠦ ᠳᠠᠩᠰᠠᠯᠠᠭᠤᠯᠬᠤ᠎ᠪᠠᠷ ᠭᠤᠶᠤᠴᠢᠯᠠᠭᠰᠠᠨ ᠦᠢ᠍ᠯᠡ ᠠᠵᠢᠯᠯᠠᠭ᠎ᠠ; ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠠᠴᠠ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠬᠤ ᠪᠤᠶᠤ ᠴᠢᠬᠤᠯᠠ ᠪᠣᠳᠠᠲᠤ ᠬᠡᠷᠡᠭ᠎ᠢ ᠨᠢᠭᠤᠨ ᠳᠠᠯᠳᠠᠯᠠᠭ᠋ᠠᠳ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠨᠤᠲᠠᠯᠠᠯᠲᠠ᠎ᠪᠠᠷ ᠭᠤᠶᠤᠴᠢᠯᠠᠭᠰᠠᠨ ᠦᠢ᠍ᠯᠡ ᠠᠵᠢᠯᠯᠠᠭ᠎ᠠ; ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠵᠥᠷᠢᠴᠡᠨ ᠲᠤᠰᠬᠠᠶ ᠠᠰᠢᠭ᠂ ᠲᠠᠸᠠᠷ᠎ᠤᠨ ᠲᠡᠮᠲᠡᠭᠲᠦ ᠵᠢ ᠣᠷᠣᠯᠠᠨ ᠭᠦᠢ᠍ᠴᠡᠳᠬᠡᠬᠦ ᠠᠵᠢᠯ ᠬᠢᠭᠰᠡᠨ ᠪᠥᠭᠡᠳ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠣᠯᠤᠭᠰᠠᠨ ᠦᠢ᠍ᠯᠡ ᠠᠵᠢᠯᠯᠠᠭ᠎ᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠵᠣᠬᠢᠶᠠᠨ ᠪᠠᠶ᠋ᠢᠭᠤᠯᠤᠨ ᠥᠷᠨᠢᠭᠦᠯᠦᠭᠰᠡᠨ ᠬᠠᠮᠢᠶ᠎ᠠ ᠪᠦᠬᠦᠢ ᠰᠢᠯᠭ᠋ᠠᠷᠠᠭᠤᠯᠵᠤ ᠮᠠᠭ᠋ᠠᠳᠯᠠᠨ ᠲᠣᠭᠲᠠᠭ᠋ᠠᠵᠤ ᠬᠢᠨᠠᠨ ᠵᠥᠪᠰᠢᠶᠡᠷᠡᠬᠦ ᠠᠵᠢᠯ᠎ᠳᠤ ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠴᠢᠬᠤᠯᠠ ᠪᠣᠳᠠᠲᠤ ᠬᠡᠷᠡᠭ᠎ᠢ ᠨᠢᠭᠤᠨ ᠳᠠᠯᠳᠠᠯᠠᠭᠰᠠᠨ ᠦᠢ᠍ᠯᠡ ᠠᠵᠢᠯᠯᠠᠭ᠎ᠠ; ᠢᠲᠡᠭᠡᠮᠵᠢ ᠵᠢᠨ ᠠᠮᠠᠯᠠᠯᠲᠠ ᠵᠢ ᠬᠡᠷᠡᠭᠯᠡᠭᠰᠡᠨ᠎ᠨᠢ ᠦᠨᠡᠨ ᠪᠣᠳᠠᠲᠠᠶ ᠪᠢᠰᠢ ᠪᠤᠶᠤ ᠠᠮᠠᠯᠠᠯᠲᠠ᠎ᠪᠠᠨ ᠦᠯᠦ ᠭᠦᠢ᠍ᠴᠡᠳᠬᠡᠭᠰᠡᠨ ᠦᠢ᠍ᠯᠡ ᠠᠵᠢᠯᠯᠠᠭ᠎ᠠ; ᠭᠦᠢ᠍ᠴᠡᠳᠬᠡᠬᠦ ᠴᠢᠳᠠᠪᠤᠷᠢ᠎ᠲᠠᠢ ᠪᠣᠯᠪᠠᠴᠤ ᠭᠦᠢ᠍ᠴᠡᠳᠬᠡᠬᠦ ᠵᠢ ᠲᠡᠪᠴᠢᠬᠦ᠂ ᠭᠦᠢ᠍ᠴᠡᠳᠬᠡᠬᠦ᠎ᠠᠴᠠ ᠵᠠᠶ᠋ᠢᠯᠬᠤ ᠦᠢ᠍ᠯᠡ ᠠᠵᠢᠯᠯᠠᠭ᠎ᠠ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠠᠬᠢ ᠪᠤᠰᠤᠳ ᠤᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠪᠣᠳᠠᠲᠠᠶ ᠵᠦᠢ᠍ᠯ᠎ᠳᠤ ᠣᠷᠣᠭᠤᠯᠤᠭᠰᠠᠨ ᠮᠥᠷᠲᠡᠭᠡᠨ ᠢᠲᠡᠭᠡᠮᠵᠢ ᠠᠯᠳᠠᠭᠰᠠᠨ ᠵᠶ᠋ᠠᠷ ᠬᠢᠨᠠᠨ ᠲᠣᠭᠲᠠᠭ᠋ᠠᠭᠰᠠᠨ ᠦᠢ᠍ᠯᠡ ᠠᠵᠢᠯᠯᠠᠭ᠎ᠠ;
ᠠᠰᠠᠭᠤᠯᠲᠠ ᠲᠠᠪᠤ᠄ 《ᠲᠣᠭᠲᠠᠭ᠋ᠠᠯ》᠎ᠳᠤ ᠢᠳᠡᠭᠡᠮᠵᠢ ᠠᠯᠳᠠᠭᠰᠠᠨ ᠭᠣᠣᠯ ᠴᠣᠭᠴᠠ᠎ᠳᠤ ᠶᠠᠮᠠᠷ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠠᠪᠬᠤ ᠪᠣᠶ?
ᠨᠠᠢ᠍ᠮᠠᠳᠤᠭ᠋ᠠᠷ ᠵᠣᠷᠪᠣᠰ᠎ᠲᠤ ᠲᠣᠭᠲᠠᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠨᠢ ᠢᠲᠡᠭᠡᠮᠵᠢ ᠵᠢᠨ ᠬᠠᠮᠢᠶᠠᠷᠤᠯᠲᠠ ᠵᠢᠨ ᠲᠠᠯ᠎ᠠ᠎ᠠᠴᠠ ᠡᠭᠦᠰᠴᠦ᠂ ᠢᠳᠡᠭᠡᠮᠵᠢ ᠠᠯᠳᠠᠭᠰᠠᠨ ᠭᠤᠣᠯ ᠴᠣᠭᠴᠠ ᠵᠢᠨ ᠬᠤᠬᠢᠷᠠᠯ᠎ᠤᠨ ᠡᠷᠬᠡ ᠠᠰᠢᠭ᠎ᠢ ᠪᠠᠭᠤᠷᠠᠭᠤᠯᠬᠤ ᠦᠭᠡᠢ᠂ ᠡᠭᠦᠷᠭᠡ ᠥᠯᠥ ᠨᠡᠮᠡᠭᠳᠡᠭᠦᠯᠬᠦ ᠵᠢᠷᠭᠤᠭ᠋ᠠᠨ ᠵᠦᠢ᠍ᠯ᠎ᠤᠨ ᠪᠣᠳᠠᠲᠠᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠂ ᠲᠣᠰ ᠲᠣᠰ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠦ ᠵᠢᠨ ᠲᠥᠷᠥᠯ ᠵᠦᠢ᠍ᠯ᠎ᠢ ᠭᠤᠶᠤᠴᠢᠯᠠᠬᠤ᠎ᠳᠤ ᠴᠢᠩᠭ᠎ᠠ ᠬᠢᠨᠠᠨ ᠵᠥᠪᠰᠢᠶᠡᠷᠡᠨ᠎ᠡ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶ᠎ᠠ ᠪᠦᠬᠦᠢ ᠱᠠᠩᠨᠠᠯ᠎ᠤᠨ ᠵᠦᠢ᠍ᠯ᠎ᠢ ᠭᠤᠶᠤᠴᠢᠯᠠᠨ ᠮᠡᠳᠡᠭᠦᠯᠬᠦ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶ᠎ᠠ ᠪᠦᠬᠦᠢ ᠰᠢᠯᠢᠳᠡᠭ ᠪᠠ ᠲᠡᠷᠢᠭᠦᠨ᠎ᠤ ᠰᠢᠯᠭ᠋ᠠᠷᠠᠭᠤᠯᠤᠯᠲᠠ᠎ᠳᠤ ᠣᠷᠣᠯᠴᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ; ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠢᠶ᠎ᠠ ᠪᠦᠬᠦᠢ ᠰᠢᠯᠢᠳᠡᠭ ᠪᠠ ᠲᠡᠷᠢᠭᠦᠨ᠎ᠤ ᠰᠢᠯᠭ᠋ᠠᠷᠠᠭᠤᠯᠤᠯᠲᠠ᠎ᠳᠤ ᠣᠷᠣᠯᠴᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ; ᠭᠤᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠵᠤ᠂ ᠪᠠᠶ᠋ᠢᠴᠠᠭ᠋ᠠᠬᠤ ᠤᠳᠠᠭ᠎ᠠ᠎ᠪᠠᠨ ᠳᠡᠭᠡᠭᠰᠢᠯᠡᠭᠦᠯᠦᠨ᠂ ᠬᠠᠤᠯᠢ ᠶᠣᠰᠣᠭ᠋ᠠᠷ ᠴᠢᠩᠭ᠎ᠠ ᠬᠢᠨᠠᠨ ᠬᠠᠮᠢᠶᠠᠷᠤᠨ᠎ᠠ; ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠴᠢ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠠᠪᠤᠪᠠᠰᠤ ᠵᠣᠬᠢᠬᠤ ᠪᠤᠰᠤᠳ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠦᠨᠳᠦᠰᠦᠯᠡᠨ᠎ᠡ᠃
ᠠᠰᠠᠭᠤᠯᠲᠠ ᠵᠢᠷᠭᠤᠭ᠎ᠠ᠄ 《ᠲᠣᠭᠲᠠᠭ᠋ᠠᠯ》᠎ᠳᠤ ᠶᠠᠮᠠᠷ ᠶᠠᠮᠠᠷ ᠦᠢ᠍ᠯᠡ ᠠᠵᠢᠯᠯᠠᠭ᠎ᠠ ᠵᠢ ᠬᠦᠨᠳᠦ ᠨᠣᠴᠢᠲᠠᠶ ᠬᠠᠤᠯᠢ᠎ᠠᠴᠠ ᠵᠥᠷᠢᠴᠡᠵᠦ ᠢᠳᠡᠭᠡᠮᠵᠢ ᠠᠯᠳᠠᠭᠰᠠᠨ ᠠᠵᠢᠯᠯᠠᠭ᠎ᠠ᠎ᠳᠤ ᠣᠷᠤᠭᠤᠯᠬᠤ ᠪᠣᠶ?
《ᠲᠣᠭᠲᠠᠭ᠋ᠠᠯ》᠎ᠤᠨ ᠠᠷᠪᠠᠨ ᠳᠥᠷᠪᠡᠳᠦᠭᠡᠷ ᠵᠣᠷᠪᠣᠰ᠎ᠲᠤ᠂ ᠳᠣᠤᠷᠠᠬᠢ ᠲᠠᠪᠤᠨ ᠵᠦᠢ᠍ᠯ᠎ᠤᠨ ᠦᠢ᠍ᠯᠡ ᠠᠵᠢᠯᠯᠠᠭ᠎ᠠ ᠵᠢ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠳᠤ ᠣᠷᠣᠭᠤᠯᠵᠤ᠂ ᠲᠣᠰ ᠲᠣᠰ᠄ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠠᠴᠠ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠭᠤᠤᠯ ᠴᠣᠭᠴᠠ᠎ᠪᠠᠷ ᠮᠠᠭ᠋ᠠᠳᠯᠠᠨ ᠲᠣᠭᠲᠠᠭ᠋ᠠᠭᠰᠠᠨ; ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠲᠤᠰᠬᠠᠶ ᠠᠰᠢᠭ᠂ ᠲᠠᠸᠠᠷ᠎ᠤᠨ ᠲᠡᠮᠲᠡᠭᠲᠦ ᠵᠢᠨ ᠣᠷᠣᠯᠠᠨ ᠭᠦᠢ᠍ᠴᠡᠳᠬᠡᠬᠦ ᠦᠢ᠍ᠯᠡ ᠠᠵᠢᠯᠯᠠᠭ᠎ᠠ ᠵᠢ ᠬᠢᠭᠡᠳ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠬᠡᠯ ᠣᠯᠤᠭᠰᠠᠨ; ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠵᠣᠷᠢᠭᠤᠳᠠ ᠬᠠᠯᠳᠠᠭᠰᠠᠨ ᠮᠥᠷᠲᠡᠭᠡᠨ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠬᠡᠯ ᠣᠯᠤᠭᠰᠠᠨ; ᠬᠡᠪ᠎ᠤᠨ ᠪᠤᠰᠤ ᠲᠤᠰᠬᠠᠶ ᠠᠰᠢᠭ ᠭᠤᠶᠤᠴᠢᠯᠠᠭᠰᠠᠨ᠂ ᠮᠠᠭᠤ ᠰᠠᠨᠠᠭ᠎ᠠ᠎ᠲᠠᠢ᠎ᠪᠠᠷ ᠲᠠᠸᠠᠷ᠎ᠤᠨ ᠲᠡᠮᠲᠡᠭᠲᠦ ᠳᠠᠩᠰᠠᠯᠠᠭᠤᠯᠬᠤ᠎ᠪᠠᠷ ᠭᠤᠶᠤᠴᠢᠯᠠᠭ᠋ᠠᠳ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠬᠤᠬᠢᠷᠠᠭᠤᠯᠤᠭᠰᠠᠨ ᠮᠥᠷᠲᠡᠭᠡᠨ ᠨᠡᠯᠢᠶᠡᠳ ᠬᠦᠨᠳᠦ ᠵᠠᠰᠠᠭ ᠵᠠᠬᠢᠷᠭ᠋ᠠᠨ᠎ᠤ ᠰᠢᠢ᠍ᠳᠬᠡᠯ ᠣᠯᠤᠭᠰᠠᠨ ᠲᠣᠬᠢᠶᠠᠯᠳᠤᠯ᠎ᠳᠤ᠂ ᠭᠦᠢ᠍ᠴᠡᠳᠬᠡᠬᠦ ᠴᠢᠳᠠᠪᠤᠷᠢ᠎ᠲᠠᠢ ᠪᠣᠯᠪᠠᠴᠤ ᠭᠦᠢ᠍ᠴᠡᠳᠬᠡᠬᠦ ᠵᠢ ᠲᠡᠪᠴᠢᠵᠦ᠂ ᠭᠦᠢ᠍ᠴᠡᠳᠬᠡᠬᠦ᠎ᠠᠴᠠ ᠵᠠᠶ᠋ᠢᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠰᠠᠯᠠᠭ᠎ᠠ ᠮᠥᠴᠢᠷ)᠎ᠤᠨ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠬᠦᠨᠳᠦ ᠨᠣᠴᠢᠲᠠᠶ ᠨᠦᠯᠦᠭᠡᠯᠡᠭᠰᠡᠨ᠃
ᠡᠭᠦᠨ᠎ᠤ ᠬᠠᠮᠲᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠳᠡᠭᠡᠮᠵᠢ ᠠᠯᠳᠠᠭᠰᠠᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ᠂ ᠮᠡᠳᠡᠭᠳᠡᠬᠦ᠂ ᠭᠡᠷᠡᠴᠢᠯᠡᠭᠡ ᠰᠣᠨᠣᠰᠬᠤ᠂ ᠬᠦᠷᠭᠡᠬᠦ᠂ ᠣᠨᠳᠣᠣ ᠰᠠᠨᠠᠯ᠎ᠢ ᠰᠢᠢ᠍ᠳᠪᠦᠷᠢᠯᠡᠬᠦ᠂ ᠢᠲᠡᠭᠡᠮᠵᠢ ᠵᠢ ᠰᠡᠷᠭᠦᠭᠡᠬᠦ᠂ ᠰᠢᠯᠵᠢᠭᠦᠯᠦᠨ ᠭᠠᠷᠭ᠋ᠠᠬᠤ ᠵᠡᠷᠭᠡ ᠳᠠᠷᠠᠭ᠋ᠠᠯᠠᠯ᠎ᠢ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠳᠡᠭᠡᠮᠵᠢ ᠠᠯᠳᠠᠭᠰᠠᠨ ᠨᠡᠷᠡᠰ᠎ᠤᠨ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ ᠭᠦᠢ᠍ᠴᠡᠳᠬᠡᠨ᠎ᠡ ᠭᠡᠵᠦ ᠲᠣᠭᠲᠠᠭ᠋ᠠᠵᠠᠶ᠃
ᠠᠰᠠᠭᠤᠯᠲᠠ ᠳᠣᠯᠣᠭ᠎ᠠ᠄ ᠢᠳᠡᠭᠡᠮᠵᠢ ᠠᠯᠳᠠᠭᠰᠠᠨ ᠭᠣᠣᠯ ᠴᠣᠭᠴᠠ ᠵᠢ ᠶᠠᠮᠠᠷ ᠠᠷᠭ᠎ᠠ ᠵᠠᠮ ᠵᠶ᠋ᠠᠷ ᠳᠠᠮᠵᠢᠭᠤᠯᠤᠨ ᠨᠡᠶ᠋ᠢᠲᠡᠯᠡᠬᠦ ᠪᠣᠶ?
《ᠲᠣᠭᠲᠠᠭ᠋ᠠᠯ》᠎ᠤᠨ ᠶᠢᠰᠦᠳᠦᠭᠡᠷ ᠵᠣᠷᠪᠣᠰ᠎ᠲᠤ ᠡᠩ᠎ᠤᠨ ᠢᠳᠡᠭᠡᠮᠵᠢ ᠠᠯᠳᠠᠭᠰᠠᠨ ᠭᠤᠤᠯ ᠴᠣᠭᠴᠠ ᠵᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠠᠯᠪᠠᠨ ᠲᠠᠯ᠎ᠠ ᠵᠢᠨ ᠫᠣᠷᠲ᠋ᠧᠯ ᠰᠦᠯᠵᠢᠶᠡᠨ ᠳᠡᠭᠡᠷ᠎ᠡ ᠨᠡᠶ᠋ᠢᠲᠡᠯᠡᠨ᠎ᠡ ᠭᠡᠵᠦ ᠲᠤᠳᠤᠷᠬᠠᠢ᠌ᠯᠠᠪᠠ᠃ ᠠᠷᠪᠠᠨ ᠵᠢᠷᠭᠤᠳᠤᠭ᠋ᠠᠷ ᠵᠣᠷᠪᠣᠰ᠎ᠲᠤ ᠬᠠᠤᠯᠢ ᠵᠢ ᠬᠦᠨᠳᠦ ᠨᠣᠴᠢᠲᠠᠶ ᠵᠥᠷᠢᠴᠡᠵᠦ ᠢᠳᠡᠭᠡᠮᠵᠢ ᠠᠯᠳᠠᠭᠰᠠᠨ ᠭᠤᠤᠯ ᠴᠣᠭᠴᠠ ᠵᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ)᠎ᠤᠨ ᠠᠯᠪᠠᠨ ᠲᠠᠯ᠎ᠠ ᠵᠢᠨ ᠫᠤᠷᠲ᠋ᠧᠯ ᠰᠦᠯᠵᠢᠶ᠎ᠡ᠂ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠰᠢᠰᠲ᠋ᠧᠮ (ᠥᠪᠥᠷ ᠮᠣᠩᠭᠤᠯ)᠂ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠵᠡᠷᠭᠡ᠎ᠪᠠᠷ ᠨᠡᠶ᠋ᠢᠲᠡᠯᠡᠬᠦ ᠵᠢ ᠲᠤᠳᠤᠷᠬᠠᠢ᠌ᠯᠠᠪᠠ᠃
ᠠᠰᠭ᠋ᠠᠤᠯᠲᠠ ᠨᠠᠢ᠍ᠮᠠ᠄ ᠢᠲᠡᠭᠡᠮᠵᠢ᠎ᠲᠠᠢ ᠰᠢᠨ᠎ᠡ ᠵᠢ ᠡᠭᠦᠳᠬᠦ ᠭᠤᠣᠯ ᠴᠣᠭᠴᠠ᠎ᠳᠤ ᠶᠠᠮᠠᠷ ᠤᠷᠮᠠᠰᠢᠭᠤᠯᠬᠤ ᠠᠷᠭ᠎ᠠ ᠬᠡᠮᠵᠢᠶ᠎ᠡ ᠪᠠᠶ᠋ᠢᠬᠤ ᠪᠣᠢ?
《ᠲᠣᠭᠲᠠᠭ᠋ᠠᠯ》᠎ᠤᠨ ᠳᠥᠷᠪᠡᠳᠦᠭᠡᠷ ᠪᠦᠯᠦᠭ᠎ᠲᠤ ᠢᠲᠡᠭᠡᠮᠵᠢ ᠵᠢᠨ ᠪᠠᠶ᠋ᠢᠳᠠᠯ ᠰᠠᠶ᠋ᠢᠨ ᠪᠠᠶ᠋ᠢᠬᠤ ᠭᠣᠣᠯ ᠴᠣᠭᠴᠠ᠎ᠳᠤ ᠳᠣᠣᠷᠠᠬᠢ ᠤᠷᠮᠠᠰᠢᠭᠤᠯᠬᠤ ᠠᠷᠭ᠎ᠠ ᠬᠡᠮᠵᠢᠶ᠎ᠡ ᠵᠢ ᠠᠪᠬᠤ ᠪᠣᠯᠣᠨ᠎ᠠ᠄ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠥᠭᠵᠢᠭᠦᠯᠬᠦ ᠪᠠ ᠬᠠᠮᠠᠭ᠋ᠠᠯᠠᠬᠤ ᠠᠵᠢᠯ᠎ᠤᠨ ᠵᠠᠷᠤᠳᠠᠯ᠎ᠢ ᠬᠡᠷᠡᠭᠯᠡᠬᠦ ᠵᠡᠷᠭᠡ ᠠᠵᠢᠯ᠎ᠤᠨ ᠳᠤᠮᠳᠠ᠂ ᠠᠳᠠᠯᠢ ᠨᠥᠬᠦᠴᠡᠯ᠎ᠤᠨ ᠳᠣᠤᠷ᠎ᠠ ᠤᠷᠢᠳ ᠵᠶ᠋ᠠᠷ ᠰᠣᠩᠭᠤᠬᠤ ᠡᠲᠡᠭᠡᠳ᠎ᠲᠤ ᠵᠢᠭᠰᠠᠭ᠋ᠠᠨ᠎ᠠ; ᠲᠤᠰᠬᠠᠶ ᠠᠰᠢᠭ᠎ᠢ ᠤᠷᠢᠳ ᠵᠶ᠋ᠠᠷ ᠬᠢᠨᠠᠨ ᠪᠠᠶ᠋ᠢᠴᠠᠭ᠋ᠠᠵᠤ ᠲᠠᠨᠢᠯᠴᠠᠭᠤᠯᠬᠤ ᠠᠵᠢᠯ᠎ᠤᠨ ᠳᠤᠮᠳᠠ᠂ ᠠᠳᠠᠯᠢ ᠨᠥᠬᠦᠴᠡᠯ᠎ᠤᠨ ᠳᠣᠤᠷ᠎ᠠ ᠤᠷᠢᠳ ᠵᠶ᠋ᠠᠷ ᠬᠢᠨᠠᠨ ᠵᠥᠪᠰᠢᠶᠡᠷᠡᠨ᠎ᠡ; ᠲᠤᠰᠬᠠᠶ ᠠᠰᠢᠭ᠎ᠢ ᠤᠷᠢᠳᠴᠢᠯᠠᠨ ᠬᠢᠨᠠᠵᠤ ᠳᠠᠩᠰᠠᠯᠠᠬᠤ ᠳᠤᠮᠳᠠ ᠤᠷᠢᠳ ᠵᠶ᠋ᠠᠷ ᠬᠢᠨᠠᠨ ᠵᠥᠪᠰᠢᠶᠡᠷᠡᠨ᠎ᠡ; ᠡᠳᠦᠷ ᠲᠤᠲᠤᠮ᠎ᠤᠨ ᠪᠠᠶ᠋ᠢᠴᠠᠭ᠋ᠠᠯᠲᠠ᠂ ᠲᠤᠰᠬᠠᠶ ᠵᠦᠢ᠍ᠯ ᠵᠶ᠋ᠠᠷ ᠪᠠᠶ᠋ᠢᠴᠠᠭ᠋ᠠᠬᠤ ᠠᠵᠢᠯ᠎ᠤᠨ ᠳᠤᠮᠳᠠ ᠪᠠᠶ᠋ᠢᠴᠠᠭ᠋ᠠᠬᠤ ᠤᠳᠠᠭ᠎ᠠ ᠵᠢ ᠵᠣᠬᠢᠬᠤ ᠬᠡᠮᠵᠢᠶ᠎ᠡ᠎ᠪᠠᠷ ᠪᠠᠭ᠋ᠠᠰᠬᠠᠨ᠎ᠠ; ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠩᠭ᠋ᠠᠬᠤ ᠶᠠᠪᠤᠴᠠ᠎ᠳᠤ ᠪᠤᠰᠤᠳ ᠤᠷᠮᠠᠰᠢᠭᠤᠯᠬᠤ ᠠᠷᠭ᠎ᠠ ᠬᠡᠮᠵᠢᠶ᠎ᠡ ᠵᠢ ᠠᠪᠴᠤ ᠪᠣᠯᠤᠨ᠎ᠠ᠃
ᠠᠰᠠᠭᠤᠯᠲᠠ ᠶᠢᠰᠦ᠄ 《ᠲᠣᠭᠲᠠᠭ᠋ᠠᠯ》᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠪᠣᠶ?
《ᠲᠣᠭᠲᠠᠭ᠋ᠠᠯ》᠎ᠤᠨ ᠠᠷᠪᠠᠨ ᠬᠤᠶᠠᠳᠤᠭ᠋ᠠᠷ ᠵᠤᠷᠪᠤᠰ᠎ᠲᠤ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢᠨ ᠦᠨᠳᠦᠰᠦ ᠪᠠᠷᠢᠮᠲᠠ ᠪᠣᠯᠭ᠋ᠠᠭᠰᠠᠨ ᠪᠢᠴᠢᠭ ᠬᠠᠷ᠎ᠠ᠎ᠪᠠᠨ ᠬᠦᠴᠦᠨ ᠦᠭᠡᠢ ᠪᠣᠯᠭ᠋ᠠᠭᠰᠠᠨ᠂ ᠨᠤᠲᠠᠯᠠᠭᠰᠠᠨ ᠬᠠᠤᠯᠢ᠎ᠠᠴᠠ ᠵᠥᠷᠢᠴᠡᠭᠰᠡᠨ ᠪᠤᠶᠤ ᠬᠦᠴᠦᠨ ᠦᠭᠡᠢ ᠪᠣᠯᠭ᠋ᠠᠬᠤ᠎ᠪᠠᠷ ᠨᠤᠲᠠᠯᠠᠭᠰᠠᠨ ᠪᠠᠶ᠋ᠢᠪᠠᠯ᠂ ᠮᠠᠭ᠋ᠠᠳᠯᠠᠨ ᠲᠣᠭᠲᠠᠭ᠋ᠠᠬᠤ ᠰᠠᠯᠠᠭ᠎ᠠ ᠮᠥᠴᠢᠷ᠂ ᠨᠢᠭᠡᠴᠢ᠎ᠨᠢ ᠴᠠᠭ ᠲᠤᠬᠠᠶ᠎ᠳᠤᠨᠢ ᠳᠠᠷᠠᠭ᠋ᠠᠯᠠᠯ ᠵᠶ᠋ᠠᠨ ᠡᠬᠢᠯᠡᠭᠦᠯᠵᠦ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠪᠠᠨ ᠬᠦᠴᠦᠨ ᠦᠭᠡᠢ ᠪᠣᠯᠭ᠋ᠠᠵᠤ᠂ ᠨᠡᠢ᠌ᠲᠡᠯᠡᠯ᠎ᠢ ᠵᠣᠭᠰᠣᠭ᠋ᠠᠬᠤ ᠬᠡᠷᠡᠭᠲᠡᠶ᠂ ᠲᠤᠬᠠᠶ ᠵᠢᠨ ᠬᠥᠮᠦᠨ᠎ᠨᠢ ᠪᠠᠰᠠ ᠴᠠᠭ ᠲᠤᠬᠠᠶ ᠳᠤᠨᠢ ᠰᠠᠨᠠᠭ᠋ᠠᠴᠢᠯᠠᠭ᠎ᠠ᠎ᠠᠴᠠ᠎ᠪᠠᠨ ᠵᠠᠯᠠᠷᠠᠭᠤᠯᠬᠤ᠎ᠪᠠᠷ ᠭᠤᠶᠤᠴᠢᠯᠠᠵᠤ ᠪᠣᠯᠤᠨ᠎ᠠ᠃