ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠠᠷᠠᠳ᠎ᠤᠨ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠣᠷᠣᠨ᠎ᠤ ᠲᠤᠰᠬᠠᠶ ᠠᠰᠢᠭ᠎ᠤᠨ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠥᠬᠦ ᠤᠯᠤᠰ᠎ᠤᠨ ᠭᠤᠷᠪᠠᠳᠤᠭ᠋ᠠᠷ ᠪᠦᠯᠦᠭ᠎ᠤᠨ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢ ᠵᠢᠷᠤᠮᠵᠢᠭᠤᠯᠬᠤ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠲᠤᠯᠭ᠋ᠠᠭᠤᠷᠢᠯᠠᠬᠤ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ) 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ)》 (ᠳᠣᠷᠣᠭᠰᠢ 《ᠠᠷᠭ᠎ᠠ (ᠲᠤᠷᠰᠢᠨ ᠬᠡᠷᠡᠭᠵᠢᠭᠦᠯᠬᠦ)》 ᠭᠡᠵᠦ ᠲᠣᠪᠴᠢᠯᠠᠨ᠎ᠠ) ᠵᠢ ᠲᠤᠭᠤᠷᠪᠢᠪᠠ᠃
《ᠠᠷᠭ᠎ᠠ (ᠲᠣᠷᠰᠢᠨ ᠬᠡᠷᠡᠭᠵᠢᠭᠦᠯᠬᠦ)》᠎ᠳᠤ 53 ᠵᠦᠢ᠍ᠯ ᠪᠠᠶ᠋ᠢᠵᠤ᠂ ᠶᠢᠰᠦᠨ ᠪᠦᠯᠦᠭ ᠬᠤᠪᠢᠶᠠᠵᠤ᠂ ᠶᠡᠷᠦᠩᠬᠡᠢ ᠳᠦᠷᠢᠮ᠂ ᠬᠠᠷᠢᠶᠠᠯᠠᠯᠲᠠ᠂ ᠬᠦᠯᠢᠶᠡᠨ ᠠᠪᠴᠤ ᠰᠢᠢ᠍ᠳᠪᠦᠷᠢᠯᠡᠬᠦ ᠪᠠ ᠬᠡᠷᠡᠭ ᠪᠣᠯᠭ᠋ᠠᠨ ᠳᠠᠩᠰᠠᠯᠠᠬᠤ᠂ ᠭᠡᠷᠡᠴᠢ ᠪᠠᠷᠢᠮᠲᠠ ᠵᠢ ᠪᠠᠶ᠋ᠢᠴᠠᠭ᠋ᠠᠬᠤ᠂ ᠰᠢᠭᠦᠬᠦ᠂ ᠡᠶᠡᠳᠡᠭᠦᠯᠬᠦ ᠪᠠ ᠲᠠᠰᠤᠯᠤᠨ ᠲᠣᠭᠲᠠᠭ᠋ᠠᠬᠤ᠂ ᠭᠦᠢ᠍ᠴᠡᠳᠬᠡᠬᠦ ᠪᠠ ᠢᠯᠡ ᠪᠣᠯᠭ᠋ᠠᠬᠤ᠂ ᠬᠤᠭᠤᠴᠠᠭ᠋ᠠᠨ᠎ᠳᠤ ᠬᠦᠷᠭᠡᠬᠦ᠂ ᠳᠠᠭ᠋ᠠᠯᠳᠤᠭᠤᠯᠤᠭᠰᠠᠨ ᠳᠦᠷᠢᠮ ᠵᠡᠷᠭᠡ ᠲᠠᠯ᠎ᠠ᠎ᠠᠴᠠ ᠪᠦᠬᠦ ᠣᠷᠣᠨ᠎ᠤ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠠᠵᠢᠯ᠎ᠢ ᠪᠦᠬᠦ ᠲᠠᠯ᠎ᠠ᠎ᠪᠠᠷ ᠵᠢᠷᠤᠮᠵᠢᠭᠤᠯᠪᠠ᠃
ᠨᠢᠭᠡ᠂ ᠶᠡᠷᠦᠩᠬᠡᠢ ᠳᠦᠷᠢᠮ
ᠲᠣᠰ ᠬᠡᠰᠡᠭ᠎ᠲᠤ ᠨᠡᠢ᠌ᠲᠡ 6 ᠵᠦᠢ᠍ᠯ ᠪᠠᠢ᠌ᠵᠤ᠂ 《ᠠᠷᠭ᠎ᠠ (ᠲᠤᠷᠰᠢᠨ ᠬᠡᠷᠡᠭᠵᠢᠭᠦᠯᠬᠦ)》᠎ᠳᠤ ᠲᠣᠭᠲᠠᠭ᠋ᠠᠭᠰᠠᠨ ᠠᠴᠢ ᠬᠤᠯᠪᠣᠭᠳᠠᠯ᠂ ᠵᠣᠷᠢᠯᠭ᠎ᠠ᠂ ᠲᠤᠬᠠᠶ ᠵᠢᠨ ᠬᠥᠮᠦᠨ᠎ᠤ ᠦᠨᠳᠦᠰᠦᠨ ᠡᠷᠬᠡ ᠵᠢᠴᠢ ᠬᠡᠷᠡᠭᠯᠡᠬᠦ ᠬᠡᠪᠴᠢᠶᠡᠨ᠎ᠳᠤ ᠲᠣᠳᠣᠷᠬᠠᠶ᠋ᠢᠯᠠᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ) ᠪᠥᠬᠦ ᠣᠷᠣᠨ᠎ᠤ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠠᠵᠢᠯ᠎ᠢ ᠵᠢᠯᠣᠭᠤᠳᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠬᠤ ᠵᠢ ᠲᠣᠳᠣᠷᠬᠠᠢ᠌ᠯᠠᠪᠠ᠃
ᠬᠤᠶᠠᠷ᠂ ᠬᠠᠷᠢᠶᠠᠯᠠᠯᠲᠠ
ᠲᠤᠰ ᠬᠡᠰᠡᠭ᠎ᠲᠤ ᠨᠡᠢ᠌ᠲᠡ 4 ᠵᠦᠢ᠍ᠯ ᠪᠠᠢ᠌ᠵᠤ᠂ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢᠨ ᠬᠡᠷᠡᠭ᠎ᠤᠨ ᠬᠠᠷᠢᠶᠠᠯᠠᠯᠲᠠ ᠵᠢᠨ ᠡᠷᠬᠡ ᠵᠢᠨ ᠬᠠᠷᠢᠶᠠᠯᠠᠯ᠎ᠢ ᠲᠣᠭᠲᠠᠭ᠋ᠠᠵᠤ᠂ ᠬᠠᠷᠢᠶᠠᠯᠠᠯᠲᠠ ᠵᠢᠨ ᠡᠷᠬᠡ ᠵᠢᠨ ᠮᠠᠷᠭᠤᠯᠳᠤᠭ᠋ᠠᠨ᠎ᠲᠠᠢ ᠬᠡᠷᠡᠭ᠎ᠤᠨ ᠰᠢᠢ᠍ᠳᠪᠦᠷᠢᠯᠡᠯᠲᠡ ᠵᠢ ᠲᠣᠳᠣᠷᠬᠠᠶ᠋ᠢᠯᠠᠪᠠ; ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠣᠷᠣᠨ ᠠᠯᠤᠰᠯᠠᠭᠰᠠᠨ ᠬᠦᠨᠳᠦ ᠶᠡᠭᠡ᠂ ᠨᠠᠷᠢᠨ ᠪᠤᠳᠤᠯᠢᠶᠠᠨᠲᠠᠶ᠂ ᠨᠡᠯᠢᠶᠡᠳ ᠶᠡᠭᠡ ᠨᠥᠯᠥᠭᠡ᠎ᠲᠠᠢ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠬᠡᠷᠡᠭ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ) ᠬᠠᠷᠢᠭᠤᠴᠠᠨ ᠵᠣᠬᠢᠴᠠᠭᠤᠯᠤᠨ ᠰᠢᠢ᠍ᠳᠪᠦᠷᠢᠯᠡᠨ᠎ᠡ᠃ 《ᠴᠢᠬᠤᠯᠠ ᠶᠡᠭᠡ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠠᠷᠭ᠎ᠠ》 ᠵᠢᠨ ᠲᠣᠭᠲᠠᠭ᠋ᠠᠯ᠎ᠳᠤ ᠬᠠᠷᠢᠶᠠᠯᠠᠭᠳᠠᠪᠠᠯ᠂ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠳᠤ ᠭᠤᠶᠤᠴᠢᠯᠠᠯ ᠭᠠᠷᠭ᠋ᠠᠨ᠎ᠠ᠃
ᠭᠤᠷᠪᠠ᠂ ᠬᠦᠯᠢᠶᠡᠨ ᠠᠪᠬᠤ ᠪᠠ ᠬᠡᠷᠡᠭ ᠪᠣᠯᠭ᠋ᠠᠨ ᠳᠠᠩᠰᠠᠯᠠᠬᠤ
ᠲᠣᠰ ᠬᠡᠰᠡᠭ᠎ᠲᠤ ᠨᠡᠶ᠋ᠢᠲᠡ 11 ᠵᠦᠢ᠍ᠯ ᠪᠠᠶ᠋ᠢᠵᠤ᠂ ᠬᠡᠷᠡᠭ ᠪᠣᠯᠭ᠋ᠠᠨ ᠳᠠᠩᠰᠠᠯᠠᠭᠰᠠᠨ᠎ᠤ ᠳᠠᠷᠠᠭ᠋ᠠᠬᠢ ᠰᠢᠢ᠍ᠳᠪᠦᠷᠢᠯᠡᠬᠦ ᠵᠢᠷᠤᠮ᠎ᠤᠨ ᠵᠦᠢ᠍ᠯᠡᠰ᠎ᠲᠤ ᠲᠣᠭᠲᠠᠭ᠋ᠠᠯ ᠭᠠᠷᠭ᠋ᠠᠪᠠ᠃ ᠲᠤᠰᠬᠠᠢ ᠠᠰᠢᠭ᠎ᠤᠨ ᠡᠷᠭᠡ᠎ᠳᠤ ᠬᠠᠯᠳᠠᠬᠰᠡᠨ ᠵᠠᠭᠤᠷᠠᠯᠳᠤᠭ᠋ᠠᠨ᠎ᠢ ᠬᠥᠯᠢᠶᠡᠨ ᠠᠪᠬᠤ ᠨᠥᠬᠦᠴᠡᠯ᠂ ᠭᠤᠶᠤᠴᠢᠯᠠᠯ᠎ᠤᠨ ᠪᠢᠴᠢᠭ᠎ᠤᠨ ᠠᠭᠤᠯᠭ᠎ᠠ᠂ ᠭᠡᠷᠡᠴᠢ ᠪᠠᠷᠢᠮᠳᠠ ᠪᠠ ᠭᠡᠷᠡᠴᠢᠯᠡᠬᠦ ᠮᠠᠲ᠋ᠧᠷᠢᠶᠠᠯ᠂ ᠭᠡᠷᠡᠭ ᠪᠤᠯᠭ᠋ᠠᠨ ᠲᠠᠩᠰᠠᠯᠠᠬᠤ ᠵᠢ ᠭᠢᠨᠠᠨ ᠪᠠᠶ᠋ᠢᠴᠠᠭ᠋ᠠᠬᠤ ᠠᠭᠤᠯᠭ᠎ᠠ᠎ᠳᠤ ᠴᠢᠭᠯᠡᠬᠦᠯᠦᠨ ᠪᠤᠳᠠᠳᠠᠢ ᠲᠠᠶ᠋ᠢᠯᠪᠤᠷᠢᠯᠠᠯᠳᠠ ᠬᠢᠵᠤ᠂ ᠲᠤᠬᠠᠢ ᠵᠢᠨ ᠬᠥᠮᠤᠨᠤ ᠭᠡᠷᠡᠭ ᠪᠤᠯᠭ᠋ᠠᠬᠤ᠎ᠠᠴᠠ ᠡᠮᠤᠨ᠎ᠠ ᠪᠡᠯᠡᠳᠭᠡᠬᠦ ᠴᠢᠬᠤᠯᠳᠠᠢ ᠪᠢᠴᠢᠭ ᠮᠠᠲ᠋ᠧᠷᠢᠶᠠᠯ᠂ ᠬᠠᠷᠢᠶᠠᠯᠠᠯᠲᠠ ᠵᠢᠨ ᠡᠷᠭᠡ ᠵᠢᠨ ᠲᠤᠬᠠᠢ ᠤᠨᠳᠤᠤ ᠰᠠᠨᠠᠯ ᠵᠡᠷᠭᠡ᠎ᠳᠤ ᠲᠤᠳᠤᠷᠬᠠᠶ᠋ᠢᠯᠠᠯᠳᠠ ᠬᠢᠬᠦ ᠵᠢᠨ ᠬᠠᠮᠳᠤ᠂ ᠲᠤᠰᠬᠠᠢ ᠠᠰᠢᠭ᠎ᠤᠨ ᠠᠵᠢᠯ᠎ᠢ ᠬᠠᠮᠢᠶᠠᠷᠬᠤ ᠰᠠᠯᠠᠭ᠎ᠠ ᠮᠥᠴᠢᠷ᠎ᠤᠨ ᠭᠡᠷᠡᠭ ᠪᠤᠯᠭ᠋ᠠᠬᠤ ᠥᠶ᠎ᠠ ᠵᠢᠨ ᠶᠠᠪᠤᠴᠠ᠂ ᠠᠵᠢᠯᠯᠠᠬᠤ ᠴᠠᠭ ᠬᠤᠭᠤᠴᠠᠭ᠎ᠠ᠂ ᠵᠠᠢ᠌ᠯᠠᠬᠤ ᠨᠥᠭᠦᠴᠡᠯ᠎ᠳᠤ ᠲᠤᠳᠤᠷᠬᠠᠢ ᠲᠤᠬᠳᠠᠭ᠋ᠠᠯ ᠭᠠᠷᠭ᠋ᠠᠪᠠ᠃
ᠲᠦᠷᠪᠡ᠂ ᠭᠡᠷᠡᠴᠢ ᠪᠠᠷᠢᠮᠳᠠ ᠵᠢᠨ ᠪᠠᠶ᠋ᠢᠴᠠᠭ᠋ᠠᠯᠳᠠ
ᠲᠣᠰ ᠬᠡᠰᠡᠭ᠎ᠲᠤ ᠨᠡᠶ᠋ᠢᠲᠡ 8 ᠵᠦᠢ᠍ᠯ ᠪᠠᠶ᠋ᠢᠵᠤ᠂ ᠬᠡᠷᠡᠭ᠎ᠤᠨ ᠭᠡᠷᠡᠴᠢ ᠪᠠᠷᠢᠮᠲᠠ ᠵᠢ ᠴᠤᠭᠯᠠᠭᠤᠯᠬᠤ᠂ ᠲᠣᠭᠲᠠᠮᠠᠯ ᠪᠣᠯᠭ᠋ᠠᠬᠤ᠂ ᠬᠠᠳᠠᠭ᠋ᠠᠯᠠᠬᠤ᠂ ᠲᠡᠮᠳᠡᠭᠯᠡᠯ ᠵᠣᠬᠢᠶᠠᠬᠤ ᠲᠠᠯ᠎ᠠ᠎ᠪᠠᠷ ᠪᠣᠳᠠᠲᠠᠶ ᠲᠣᠳᠣᠷᠬᠠᠶ᠋ᠢᠯᠠᠵᠤ᠂ ᠭᠡᠷᠡᠴᠢ ᠪᠠᠷᠢᠮᠲᠠ ᠵᠢᠨ ᠴᠢᠩᠭ᠎ᠠ ᠲᠦᠷᠢᠮ᠎ᠢ ᠲᠣᠭᠲᠠᠭ᠋ᠠᠨ᠂ ᠲᠤᠰᠬᠠᠶ ᠠᠰᠢᠭ᠎ᠤᠨ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢᠨ ᠬᠡᠷᠡᠭ᠎ᠤᠨ ᠭᠡᠷᠡᠴᠢ ᠪᠠᠷᠢᠮᠲᠠ᠎ᠨᠢ ᠬᠠᠤᠯᠢ ᠶᠣᠰᠣᠨ᠎ᠤ᠂ ᠬᠦᠴᠦᠨ᠎ᠲᠠᠢ ᠪᠠᠶ᠋ᠢᠬᠤ ᠵᠢ ᠦᠨᠡᠨ ᠬᠦ᠌ ᠪᠠᠲᠤᠯᠠᠪᠠ᠃ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ᠂ ᠬᠡᠷᠡᠭ᠎ᠲᠤ ᠬᠣᠯᠪᠣᠭᠳᠠᠭᠰᠠᠨ ᠮᠡᠷᠭᠡᠵᠢᠯ᠎ᠤᠨ ᠣᠨᠴᠠᠯᠢᠭ᠂ ᠮᠡᠷᠭᠡᠵᠢᠯ᠎ᠤᠨ ᠲᠥᠰᠥᠯ᠂ ᠬᠠᠮᠠᠭ᠋ᠠᠯᠠᠬᠤ ᠬᠦᠷᠢᠶ᠎ᠡ ᠬᠡᠪᠴᠢᠶ᠎ᠡ ᠵᠢ ᠮᠠᠭ᠋ᠠᠳᠯᠠᠨ ᠲᠣᠭᠲᠠᠭ᠋ᠠᠬᠤ᠎ᠳᠤ ᠪᠡᠷᠬᠡᠲᠡᠢ ᠪᠠᠶ᠋ᠢᠪᠠᠯ᠂ ᠲᠤᠰᠬᠠᠢ ᠠᠰᠢᠭ᠎ᠤᠨ ᠠᠵᠢᠯ᠎ᠢ ᠬᠠᠮᠢᠶᠠᠷᠴᠤ ᠪᠠᠶ᠋ᠢᠭ᠎ᠠ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠮᠡᠷᠭᠡᠵᠢᠯ᠎ᠤᠨ ᠪᠠᠶ᠋ᠢᠴᠠᠭ᠋ᠠᠯᠲᠠ ᠵᠢᠨ ᠳᠠᠷᠤᠭ᠎ᠠ ᠵᠢ ᠲᠣᠮᠢᠯᠠᠨ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠠᠵᠢᠯᠯᠠᠭ᠎ᠠ᠎ᠳᠤ ᠣᠷᠣᠯᠴᠠᠭᠤᠯᠵᠤ᠂ ᠬᠡᠷᠡᠭ᠎ᠤᠨ ᠮᠡᠷᠭᠡᠵᠢᠯ᠎ᠤᠨ ᠪᠣᠳᠠᠲᠤ ᠬᠡᠷᠡᠭ᠎ᠢ ᠪᠠᠶ᠋ᠢᠴᠠᠭ᠋ᠠᠨ ᠳᠣᠲᠣᠯᠠᠬᠤ᠎ᠳᠤ ᠠᠰᠠᠭᠤᠨ ᠯᠠᠪᠯᠠᠬᠤ᠂ ᠮᠡᠷᠭᠡᠵᠢᠯ᠎ᠤᠨ ᠪᠠᠶ᠋ᠢᠴᠠᠭ᠋ᠠᠯᠲᠠ ᠬᠢᠬᠦ ᠰᠠᠨᠠᠯ ᠪᠠ ᠪᠤᠰᠤᠳ ᠴᠢᠬᠤᠯᠠ ᠪᠦᠬᠦᠢ ᠮᠡᠷᠭᠡᠵᠢᠯ᠎ᠤᠨ ᠬᠠᠪᠰᠤᠷᠤᠯᠭ᠎ᠠ ᠦᠵᠡᠭᠦᠯᠵᠦ ᠪᠣᠯᠣᠨ᠎ᠠ᠃
ᠲᠠᠪᠤ᠂ ᠰᠢᠭᠦᠨ ᠰᠢᠢ᠍ᠳᠪᠦᠷᠢᠯᠡᠬᠦ
ᠲᠣᠰ ᠬᠡᠰᠡᠭ᠎ᠲᠤ ᠨᠡᠶ᠋ᠢᠲᠡ 10 ᠵᠦᠢ᠍ᠯ ᠪᠠᠶ᠋ᠢᠵᠤ᠂ ᠬᠡᠷᠡᠭ᠎ᠢ ᠰᠢᠭᠦᠨ ᠰᠢᠢ᠍ᠳᠪᠦᠷᠢᠯᠡᠬᠦ ᠶᠠᠪᠤᠴᠠ᠎ᠳᠤ ᠲᠣᠳᠣᠷᠬᠠᠢ ᠲᠣᠭᠲᠠᠭ᠋ᠠᠯ ᠭᠠᠷᠭ᠋ᠠᠵᠤ᠂ ᠪᠢᠴᠢᠭ᠎ᠤᠨ ᠬᠡᠯᠪᠡᠷᠢ᠎ᠪᠠᠷ ᠰᠢᠭᠦᠨ ᠰᠢᠢ᠍ᠳᠪᠦᠷᠢᠯᠡᠬᠦ ᠨᠥᠬᠥᠴᠡᠯ᠂ ᠠᠮᠠ᠎ᠪᠠᠷ ᠰᠢᠭᠦᠨ ᠰᠢᠢ᠍ᠳᠪᠦᠷᠢᠯᠡᠬᠦ ᠶᠠᠪᠤᠴᠠ᠂ ᠰᠦᠯᠵᠢᠶᠡᠨ ᠳᠡᠭᠡᠷ᠎ᠡ ᠠᠮᠠ᠎ᠪᠠᠷ ᠰᠢᠭᠦᠨ ᠰᠢᠢ᠍ᠳᠪᠦᠷᠢᠯᠡᠬᠦ᠂ ᠬᠡᠷᠡᠭ᠎ᠢ ᠵᠣᠭᠰᠣᠭ᠋ᠠᠬᠤ ᠵᠢᠷᠤᠮ ᠵᠡᠷᠭᠡ ᠵᠢ ᠪᠠᠭᠲᠠᠭ᠋ᠠᠵᠤ᠂ ᠲᠤᠰᠬᠠᠢ ᠠᠰᠢᠭ᠎ᠤᠨ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢᠨ ᠰᠢᠭᠦᠬᠦ ᠵᠢᠷᠤᠮ᠎ᠢ ᠨᠠᠷᠢᠯᠢᠭᠵᠢᠭᠤᠯᠵᠤ᠂ ᠲᠤᠬᠠᠢ ᠵᠢᠨ ᠬᠥᠮᠥᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠂ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠬᠤ ᠬᠡᠷᠡᠭ᠎ᠢ ᠰᠢᠭᠦᠨ ᠰᠢᠢ᠍ᠳᠪᠦᠷᠢᠯᠡᠬᠦ ᠵᠢᠷᠤᠮ᠎ᠤᠨ ᠲᠥᠪ ᠭᠤᠣᠯᠴᠢ᠂ ᠡᠷᠬᠡ ᠲᠡᠭᠰᠢ ᠪᠠ ᠢᠯᠡ ᠲᠣᠳᠣ ᠪᠠᠶ᠋ᠢᠬᠤ ᠵᠢ ᠦᠨᠡᠨ ᠬᠦ᠌ ᠪᠠᠲᠤᠯᠠᠪᠠ᠃
ᠵᠢᠷᠭᠤᠭ᠎ᠠ᠂ ᠡᠶᠡᠳᠡᠭᠦᠯᠬᠦ ᠪᠠ ᠲᠠᠰᠤᠯᠤᠨ ᠲᠣᠭᠲᠠᠭ᠋ᠠᠬᠤ
ᠲᠣᠰ ᠬᠡᠰᠡᠭ᠎ᠲᠤ ᠨᠡᠶ᠋ᠢᠲᠡ 5 ᠵᠦᠢ᠍ᠯ ᠪᠠᠶ᠋ᠢᠵᠤ᠂ ᠬᠡᠷᠡᠭ᠎ᠢ ᠡᠶᠡᠳᠡᠭᠦᠯᠬᠦ ᠪᠠ ᠲᠠᠰᠤᠯᠤᠨ ᠲᠣᠭᠲᠠᠭ᠋ᠠᠬᠤ ᠵᠢᠷᠤᠮᠳᠤ ᠲᠣᠭᠲᠠᠭ᠋ᠠᠯ ᠭᠠᠷᠭ᠋ᠠᠪᠠ᠂ ᠡᠭᠦᠨ᠎ᠳᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠪᠠ ᠠᠷᠠᠳ᠎ᠤᠨ ᠡᠶᠡᠳᠡᠭᠦᠯᠭᠡ ᠵᠢ ᠵᠣᠯᠭ᠋ᠠᠯᠳᠤᠭᠤᠯᠬᠤ᠂ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢᠨ ᠪᠢᠴᠢᠭ᠎ᠢ ᠵᠣᠬᠢᠶᠠᠬᠤ᠂ ᠲᠤᠰᠬᠠᠶ ᠠᠰᠢᠭ᠎ᠤᠨ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢᠨ ᠴᠠᠭ᠎ᠤᠨ ᠬᠢᠵᠠᠭ᠋ᠠᠷ ᠪᠠ ᠬᠤᠭᠤᠴᠠᠭ᠋ᠠᠯᠠᠯ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠷᠭᠤ ᠵᠢᠨ ᠵᠢᠷᠤᠮ ᠵᠡᠷᠭᠡ ᠵᠢ ᠪᠠᠭᠲᠠᠭ᠋ᠠᠵᠤ᠂ ᠬᠡᠷᠡᠭ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠵᠢᠷᠤᠮ᠎ᠤᠨ ᠤᠷᠤᠭᠰᠢᠲᠠᠶ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠲᠤᠬᠠᠶ ᠵᠢᠨ ᠬᠥᠮᠦᠨ᠎ᠳᠤ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠣᠯᠠᠨ ᠡᠰᠢᠵᠢᠭᠰᠡᠨ ᠠᠷᠭ᠎ᠠ ᠵᠠᠮ ᠬᠠᠩᠭ᠋ᠠᠪᠠ᠃
ᠳᠤᠯᠤᠭ᠎ᠠ᠂ ᠭᠦᠢ᠍ᠴᠡᠳᠬᠡᠬᠦ ᠪᠠ ᠢᠯᠡ ᠪᠤᠯᠭ᠋ᠠᠬᠤ
ᠲᠤᠰ ᠬᠡᠰᠡᠭ᠎ᠲᠤ ᠨᠡᠢ᠌ᠲᠡ 3 ᠵᠦᠢ᠍ᠯ ᠪᠠᠢ᠌ᠵᠤ᠂ ᠲᠠᠰᠤᠯᠤᠨ ᠲᠣᠭᠲᠠᠭ᠋ᠠᠯᠲᠠ ᠵᠢᠨ ᠦᠷ᠎ᠡ ᠳ᠋ᠦᠩ ᠭᠠᠷᠭ᠋ᠠᠭᠰᠠᠨ᠎ᠤ ᠳᠠᠷᠠᠭ᠎ᠠ ᠭᠦᠢ᠍ᠴᠡᠳᠬᠡᠬᠦ ᠪᠠ ᠢᠯᠡ ᠪᠣᠯᠭ᠋ᠠᠬᠤ ᠠᠵᠢᠯ᠎ᠳᠤ ᠲᠣᠭᠲᠠᠭ᠋ᠠᠯ ᠭᠠᠷᠭ᠋ᠠᠪᠠ᠂ ᠡᠭᠦᠨ᠎ᠳᠤ ᠡᠷᠬᠡ᠎ᠳᠤ ᠬᠠᠯᠳᠠᠭᠰᠠᠨ᠎ᠢ ᠵᠣᠭᠰᠣᠭ᠋ᠠᠬᠤ᠂ ᠦᠢ᠍ᠯᠡᠳᠬᠦᠨ ᠵᠢᠴᠢ ᠦᠢ᠍ᠯᠡᠳᠪᠦᠷᠢᠯᠡᠯ᠎ᠤᠨ ᠪᠠᠭ᠋ᠠᠵᠢ ᠵᠢ ᠤᠰᠠᠳᠬᠠᠬᠤ᠂ ᠪᠣᠷᠣᠯᠠᠭᠤᠯᠬᠤ ᠵᠢ ᠵᠣᠭᠰᠣᠭ᠋ᠠᠬᠤ᠂ ᠳᠡᠯᠭᠡᠨ ᠦᠵᠡᠭᠦᠯᠬᠦ ᠵᠢ ᠵᠣᠭᠰᠣᠭ᠋ᠠᠬᠤ ᠵᠡᠷᠭᠡ ᠪᠠᠭᠲᠠᠨ᠎ᠠ᠂ ᠲᠠᠰᠤᠯᠤᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠪᠣᠯᠭ᠋ᠠᠭᠰᠠᠨ ᠮᠡᠳᠡᠭᠡ ᠵᠠᠩᠭᠢ᠂ ᠠᠷᠭ᠎ᠠ ᠬᠡᠯᠪᠡᠷᠢ᠂ ᠬᠤᠭᠤᠴᠠᠭ᠋ᠠᠯᠠᠯ᠂ ᠠᠯᠪᠠᠲᠠᠨ ᠭᠦᠢ᠍ᠴᠡᠳᠬᠡᠭᠦᠯᠬᠦ ᠪᠠ ᠢᠲᠡᠭᠡᠮᠵᠢ ᠠᠯᠳᠠᠭᠰᠠᠳ ᠵᠢ ᠵᠠᠯᠬᠠᠭ᠋ᠠᠨ ᠴᠡᠭᠡᠷᠯᠡᠭᠦᠯᠬᠦ᠂ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠭᠠᠷᠭ᠋ᠠᠭᠰᠠᠨ᠎ᠤ ᠳᠠᠷᠠᠭ᠎ᠠ ᠨᠠᠢ᠍ᠳᠠᠪᠤᠷᠢᠵᠢᠭᠤᠯᠤᠨ ᠭᠦᠢ᠍ᠴᠡᠳᠬᠡᠬᠦ ᠵᠢ ᠪᠠᠲᠤᠯᠠᠪᠠ᠃
ᠨᠠᠢ᠍ᠮᠠ᠂ ᠬᠤᠭᠤᠴᠠᠭ᠋ᠠᠯᠠᠯ᠂ ᠬᠦᠷᠭᠡᠬᠦ
ᠲᠣᠰ ᠬᠡᠰᠡᠭ᠎ᠲᠤ ᠨᠡᠶ᠋ᠢᠲᠡ 3 ᠵᠦᠢ᠍ᠯ ᠪᠠᠢ᠌ᠵᠤ᠂ ᠬᠡᠷᠡᠭ᠎ᠤᠨ ᠬᠡᠷᠡᠭ ᠰᠢᠢ᠍ᠳᠪᠦᠷᠢᠯᠡᠬᠦ ᠬᠤᠭᠤᠴᠠᠭ᠎ᠠ᠂ ᠦᠷ᠎ᠡ ᠳ᠋ᠦᠩ᠎ᠤᠨ ᠬᠦᠷᠭᠡᠯᠲᠡ᠎ᠳᠤ ᠪᠣᠳᠠᠲᠠᠶ ᠲᠠᠶ᠋ᠢᠯᠪᠤᠷᠢᠯᠠᠯᠲᠠ ᠬᠢᠵᠦ᠂ ᠡᠭᠦᠨ᠎ᠳᠤ ᠬᠤᠭᠤᠴᠠᠭ᠎ᠠ ᠵᠢ ᠵᠠᠭ᠋ᠠᠭᠯᠠᠨ ᠲᠣᠭᠲᠠᠭ᠋ᠠᠬᠤ᠂ ᠬᠡᠷᠡᠭ ᠳᠠᠭᠤᠰᠬᠠᠭᠰᠠᠨ ᠪᠢᠴᠢᠭ ᠬᠠᠷ᠎ᠠ ᠵᠢᠨ ᠠᠭᠤᠯᠭ᠎ᠠ ᠬᠢᠭᠡᠳ ᠵᠣᠬᠢᠶᠠᠬᠤ᠂ ᠬᠦᠷᠭᠡᠬᠦ ᠠᠷᠭ᠎ᠠ ᠮᠠᠶᠢᠭ᠂ ᠡᠳᠦᠷ ᠬᠤᠭᠤᠴᠠᠭ᠎ᠠ ᠵᠢ ᠲᠣᠭᠲᠠᠭ᠋ᠠᠬᠤ ᠵᠡᠷᠭᠡ ᠠᠭᠤᠯᠭ᠎ᠠ ᠵᠢ ᠪᠠᠭᠲᠠᠭ᠋ᠠᠵᠤ᠂ ᠪᠣᠳᠠᠲᠠᠶ ᠬᠡᠷᠡᠭ ᠰᠢᠢ᠍ᠳᠪᠦᠷᠢᠯᠡᠬᠦ ᠪᠣᠳᠠᠲᠠᠶ ᠪᠠᠶ᠋ᠢᠳᠠᠯ᠎ᠢ ᠪᠣᠳᠣᠯᠬᠢᠯᠠᠵᠤ᠂ ᠣᠷᠣᠰᠢᠵᠤ ᠮᠡᠳᠡᠬᠦ ᠬᠦᠷᠭᠡᠬᠦ ᠪᠠᠶ᠋ᠢᠳᠠᠯ᠎ᠢ ᠲᠣᠳᠣᠷᠬᠠᠶ ᠪᠣᠯᠭ᠋ᠠᠵᠤ᠂ ᠲᠤᠬᠠᠶ ᠵᠢᠨ ᠬᠥᠮᠦᠨ᠎ᠤ ᠬᠤᠶᠠᠷ ᠲᠠᠯ᠎ᠠ ᠵᠢᠨ ᠬᠡᠷᠡᠭ ᠰᠢᠢ᠍ᠳᠪᠦᠷᠢᠯᠡᠭᠰᠡᠨ ᠦᠷ᠎ᠡ ᠳ᠋ᠦᠩ᠎ᠢ ᠣᠯᠵᠤ ᠳᠡᠶ᠋ᠢᠯᠬᠦ ᠵᠢ ᠪᠠᠲᠤᠯᠠᠪᠠ᠃
ᠶᠢᠰᠦ᠂ ᠲᠠᠭ᠋ᠠᠯᠳᠤᠭᠤᠯᠤᠭᠰᠠᠨ ᠲᠦᠷᠢᠮ
ᠲᠣᠰ ᠬᠡᠰᠡᠭ᠎ᠲᠤ ᠨᠡᠶ᠋ᠢᠲᠡ 3 ᠵᠦᠢ᠍ᠯ ᠪᠠᠶ᠋ᠢᠵᠤ᠂ ᠲᠤᠰᠬᠠᠶ ᠠᠰᠢᠭ᠎ᠤᠨ ᠡᠷᠬᠡ᠎ᠳᠤ ᠬᠠᠯᠳᠠᠭᠰᠠᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠯᠲᠠ ᠵᠢᠨ ᠬᠠᠮᠢᠶ᠎ᠠ ᠪᠥᠬᠦᠶ ᠬᠠᠤᠯᠢ ᠴᠠᠭ᠋ᠠᠵᠠ ᠵᠢᠨ ᠪᠢᠴᠢᠭ ᠬᠠᠷ᠎ᠠ ᠵᠢᠨ ᠬᠡᠪ ᠬᠡᠯᠪᠡᠷᠢ ᠵᠢᠨ ᠯᠠᠪᠯᠠᠯᠲᠠ ᠵᠢᠨ ᠢᠷᠡᠯᠲᠡ᠎ᠳᠤ ᠲᠣᠳᠣᠷᠬᠠᠶ᠋ᠢᠯᠠᠯᠲᠠ ᠬᠢᠵᠦ᠂ ᠵᠠᠷᠢᠮ ᠳᠠᠭᠤᠰᠤᠭ᠋ᠠᠳᠤᠶ ᠤᠴᠢᠷ ᠶᠠᠪᠤᠳᠠᠯ᠎ᠳᠤ ᠲᠣᠭᠲᠠᠭ᠋ᠠᠯ ᠭᠠᠷᠭ᠋ᠠᠵᠤ᠂ ᠬᠤᠶ᠋ᠢᠰᠢᠳᠠ ᠵᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠎ᠳᠤ ᠲᠥᠬᠦᠮ ᠦᠵᠡᠭᠦᠯᠪᠡ᠃