ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
5 ᠲᠠᠯ᠎ᠠ ᠵᠢᠨ 20 ᠭᠣᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-09-15


    ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠣᠶ᠋ᠢᠷ᠎ᠠ᠎ᠳᠤ 《ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ᠎ᠪᠠᠷ ᠦᠢ᠍ᠯᠡᠴᠢᠯᠡᠭᠡᠨ᠎ᠤ ᠠᠷᠠᠯᠵᠢᠶᠠᠨ᠎ᠤ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠲᠠᠷᠬᠠᠭ᠋ᠠᠪᠠ᠃
   《ᠰᠠᠨᠠᠯ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠵᠦ᠂ ᠨᠡᠭᠡᠭᠡᠯᠲᠡ ᠬᠢᠬᠦ᠎ᠳᠤ ᠦᠢ᠍ᠯᠡᠴᠢᠯᠡᠬᠦ᠎ᠪᠠᠷ ᠪᠠᠭᠲᠠᠭ᠋ᠠᠮᠵᠢᠲᠠᠢ ᠬᠥᠭᠵᠢᠯᠲᠡ ᠵᠢ ᠲᠦᠯᠬᠢᠨ ᠠᠬᠢᠭᠤᠯᠵᠤ᠂ ᠦᠢ᠍ᠯᠡᠴᠢᠯᠡᠭᠡᠨ᠎ᠤ ᠬᠠᠮᠲᠤᠷᠠᠯᠴᠠᠭ᠎ᠠ᠎ᠪᠠᠷ ᠬᠤᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠦᠢ᠍ᠯᠡᠴᠢᠯᠡᠭᠡᠨ᠎ᠤ ᠰᠢᠨ᠎ᠡ ᠡᠭᠦᠳᠦᠯᠲᠡ᠎ᠪᠠᠷ ᠬᠥᠭᠵᠢᠯᠲᠡ ᠵᠢᠨ ᠬᠥᠳᠡᠯᠭᠡᠭᠴᠢ ᠬᠦᠴᠦᠨ᠎ᠢ ᠪᠣᠶ᠋ᠢᠵᠢᠭᠤᠯᠵᠤ᠂ ᠦᠢ᠍ᠯᠡᠴᠢᠯᠡᠭᠡ ᠵᠢ ᠬᠠᠮᠲᠤ᠎ᠳᠤ᠎ᠪᠠᠨ ᠬᠦᠷᠲᠡᠬᠦ᠎ᠪᠠᠷ ᠰᠠᠢ᠌ᠨ ᠰᠠᠢ᠌ᠬᠠᠨ ᠢᠷᠡᠭᠡᠳᠦᠢ᠎ᠪᠠᠨ ᠴᠣᠭᠴᠠᠯᠠᠨ ᠪᠠᠢ᠌ᠭᠤᠯᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠲᠣᠭ᠋ᠠᠵᠢᠭᠤᠯᠤᠯᠲᠠ᠂ ᠣᠶᠤᠨᠴᠢᠯᠠᠯᠲᠠ᠂ ᠪᠣᠬᠢᠷᠳᠤᠯ ᠦᠭᠡᠢ᠌ᠵᠢᠭᠦᠯᠬᠦ ᠠᠬᠢᠴᠠ ᠵᠢ ᠲᠦᠷᠭᠡᠳᠬᠡᠨ ᠠᠬᠢᠭᠤᠯᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠬᠡᠪᠴᠢᠶ᠎ᠡ ᠵᠢ ᠨᠡᠮᠡᠭᠳᠡᠭᠦᠯᠬᠦ᠂ ᠪᠦᠲᠦᠴᠡ ᠵᠢ ᠰᠢᠯᠢᠳᠡᠭᠵᠢᠭᠦᠯᠬᠦ᠂ ᠦᠷ᠎ᠡ ᠠᠰᠢᠭ᠎ᠢ ᠳᠡᠭᠡᠭᠰᠢᠯᠡᠭᠦᠯᠬᠦ᠂ ᠪᠣᠳᠠᠲᠤ ᠬᠦᠴᠦᠨ᠎ᠢ᠎ᠨᠢ ᠴᠢᠩᠭ᠋ᠠᠷᠠᠭᠤᠯᠬᠤ ᠵᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠠᠵᠤ ᠠᠬᠤᠢ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠳᠤᠷᠠᠳᠴᠠᠢ᠃
   《ᠰᠠᠨᠠᠯ》᠎ᠳᠤ 5 ᠲᠠᠯ᠎ᠠ ᠵᠢᠨ 20 ᠭᠣᠣᠯᠳᠠᠯᠭ᠎ᠠ᠎ᠲᠠᠢ ᠡᠭᠦᠷᠭᠡ ᠵᠢ ᠳᠤᠷᠠᠳᠪᠠ᠃
    ᠨᠢᠭᠡ᠎ᠳᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠳᠦᠷᠢᠮᠵᠢᠭᠰᠡᠨ ᠨᠡᠭᠡᠭᠡᠯᠲᠡ ᠵᠢ ᠠᠬᠢᠭᠤᠯᠵᠤ᠂ ᠬᠢᠯᠢ ᠠᠯᠤᠰᠯᠠᠭᠰᠠᠨ ᠦᠢ᠍ᠯᠡᠴᠢᠯᠡᠭᠡᠨ᠎ᠤ ᠠᠷᠠᠯᠵᠢᠶᠠᠨ᠎ᠤ ᠰᠥᠷᠭᠡᠬᠦ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠭᠠᠳᠠᠭ᠋ᠠᠳᠤ ᠨᠡᠭᠡᠭᠡᠯᠲᠡ ᠵᠢᠨ ᠲᠠᠪᠴᠠᠩ᠎ᠤᠨ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠲᠦᠷᠢᠮ᠎ᠤᠨ ᠵᠣᠯᠭ᠋ᠠᠯᠴᠠᠭ᠎ᠠ ᠪᠠ ᠲᠦᠷᠢᠮ ᠲᠣᠭᠲᠠᠭ᠋ᠠᠯ᠎ᠤᠨ ᠵᠣᠬᠢᠴᠠᠭᠤᠯᠭ᠎ᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠠᠷᠠᠯᠵᠢᠶᠠᠨ᠎ᠤ ᠪᠠᠷᠢᠮᠵᠢᠶᠠᠵᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
    ᠬᠤᠶᠠᠷ᠎ᠲᠤ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠬᠢᠯᠢ ᠠᠯᠤᠰᠯᠠᠨ ᠰᠢᠯᠵᠢᠬᠦ ᠵᠢ ᠠᠬᠢᠭᠤᠯᠵᠤ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠢᠯᠢ ᠠᠯᠤᠰᠯᠠᠨ ᠰᠢᠯᠵᠢᠬᠦ᠎ᠳᠤ ᠳᠥᠭᠥᠮᠯᠡᠵᠦ᠂ ᠬᠢᠯᠢ ᠠᠯᠤᠰᠯᠠᠭᠰᠠᠨ ᠪᠡᠯᠡ ᠮᠥᠩᠭᠥᠨ᠎ᠤ ᠭᠦᠢ᠍ᠯᠭᠡᠭᠡᠨ᠎ᠤ ᠬᠠᠮᠢᠶᠠᠷᠤᠯᠲᠠ ᠵᠢ ᠰᠢᠯᠢᠳᠡᠭᠵᠢᠭᠦᠯᠵᠦ᠂ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶᠠᠯᠠᠬᠤ ᠪᠠ ᠬᠡᠷᠡᠭᠯᠡᠬᠦ ᠵᠢ ᠠᠬᠢᠭᠤᠯᠵᠤ᠂ ᠳ᠋ᠠᠶ᠋ᠢᠲ᠋ᠠ ᠵᠢᠨ ᠬᠢᠯᠢ ᠠᠯᠤᠰᠯᠠᠭᠰᠠᠨ ᠥᠨᠳᠥᠷ ᠪᠦᠲᠦᠮᠵᠢᠲᠡᠢ ᠳᠥᠭᠦᠮ ᠳᠥᠲᠡ ᠠᠮᠤᠷ ᠲᠦᠪᠰᠢᠨ ᠰᠢᠯᠵᠢᠯᠲᠡ ᠵᠢ ᠠᠬᠢᠭᠤᠯᠤᠨ᠎ᠠ᠃
    ᠭᠤᠷᠪᠠ᠎ᠳᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠤᠯᠠᠨ ᠤᠯᠤᠰ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠴᠢᠩᠭ᠋ᠠᠳᠬᠠᠵᠤ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠤᠯᠠᠨ ᠤᠯᠤᠰ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠵᠦ᠂ ᠮᠥᠩᠭᠦᠨ ᠭᠦᠢ᠍ᠯᠭᠡᠭᠡ᠂ ᠵᠥᠪᠯᠡᠯᠭᠡ ᠥᠭᠬᠦ᠂ ᠵᠢᠷᠤᠵᠤ ᠲᠥᠯᠥᠪᠯᠡᠬᠦ᠂ ᠭᠡᠷᠡᠴᠢᠯᠡᠨ ᠮᠡᠳᠡᠷᠡᠬᠦ ᠵᠡᠷᠭᠡ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠳᠡᠯᠡᠬᠡᠶ᠋ᠢᠵᠢᠯᠲᠡ ᠵᠢᠨ ᠬᠥᠭᠵᠢᠯᠲᠡ ᠵᠢ ᠳᠡᠮᠵᠢᠵᠦ᠂ ᠤᠯᠠᠮᠵᠢᠯᠠᠯᠲᠤ ᠳᠠᠪᠠᠭᠤᠯᠢᠭ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢ ᠵᠣᠷᠢᠭᠵᠢᠭᠤᠯᠵᠤ᠂ ᠦᠢ᠍ᠯᠡᠴᠢᠯᠡᠭᠡᠨ᠎ᠤ ᠠᠷᠠᠯᠵᠢᠶ᠎ᠠ ᠵᠢ ᠪᠠᠷᠠᠭ᠋ᠠᠨ᠎ᠤ ᠠᠷᠠᠯᠵᠢᠶ᠎ᠠ᠎ᠯᠤᠭ᠎ᠠ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠴᠢᠨᠠᠷ ᠰᠠᠶ᠋ᠢᠲᠠᠢ ᠦᠢ᠍ᠯᠡᠴᠢᠯᠡᠭᠡ ᠵᠢ ᠭᠠᠳᠠᠭ᠋ᠠᠳᠤ᠎ᠠᠴᠠ ᠣᠷᠣᠭᠤᠯᠬᠤ᠎ᠪᠠᠨ ᠥᠷᠭᠡᠳᠬᠡᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
    ᠳᠥᠷᠪᠡ᠎ᠳᠤ᠂ ᠣᠯᠠᠨ ᠤᠯᠤᠰ᠎ᠤᠨ ᠵᠠᠬ᠎ᠠ ᠳᠡᠯᠭᠡᠭᠦᠷ᠎ᠤᠨ ᠪᠠᠢ᠌ᠷᠢᠰᠢᠭᠤᠯᠤᠯᠲᠠ ᠵᠢ ᠥᠷᠭᠡᠳᠬᠡᠨ᠂ ᠦᠢ᠍ᠯᠡᠴᠢᠯᠡᠭᠡᠨ᠎ᠤ ᠠᠷᠠᠯᠵᠢᠶᠠᠨ᠎ᠤ ᠣᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠦᠢ᠍ᠯᠡᠴᠢᠯᠡᠭᠡᠨ᠎ᠤ ᠠᠷᠠᠯᠵᠢᠶ᠎ᠠ ᠵᠢ ᠠᠬᠢᠭᠤᠯᠬᠤ ᠲᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    ᠲᠠᠪᠤ᠎ᠳᠤ᠂ ᠲᠤᠯᠭ᠋ᠠᠭᠤᠷᠢᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠬᠦ ᠵᠢ ᠳᠡᠮᠵᠢᠵᠦ᠂ ᠦᠢ᠍ᠯᠡᠴᠢᠯᠡᠭᠡᠨ᠎ᠤ ᠠᠷᠠᠯᠵᠢᠶᠠᠨ᠎ᠤ ᠲᠤᠭ᠎ᠠ ᠪᠦᠷᠢᠳᠬᠡᠯ ᠬᠢᠨᠠᠨ ᠰᠢᠨᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠦᠢ᠍ᠯᠡᠴᠢᠯᠡᠭᠡᠨ᠎ᠤ ᠠᠷᠠᠯᠵᠢᠶᠠᠨ᠎ᠤ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃
   《ᠰᠠᠨᠠᠯ》᠎ᠳᠤ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠢ᠍ᠯᠡᠴᠢᠯᠡᠭᠡᠨ᠎ᠤ ᠠᠷᠠᠯᠵᠢᠶ᠎ᠠ ᠵᠢ ᠶᠡᠬᠡ᠎ᠪᠠᠷ ᠬᠥᠭᠵᠢᠭᠦᠯᠬᠦ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠨᠡᠭᠡᠭᠡᠯᠲᠡ ᠬᠢᠬᠦ ᠵᠢ ᠥᠷᠭᠡᠳᠬᠡᠬᠦ ᠪᠠ ᠰᠢᠨ᠎ᠡ ᠡᠭᠦᠳᠦᠯᠲᠡ ᠵᠢᠨ ᠬᠥᠳᠡᠯᠭᠡᠭᠦᠷ᠎ᠲᠤ ᠲᠦᠰᠢᠭᠯᠡᠨ ᠦᠢ᠍ᠯᠡᠴᠢᠯᠡᠭᠡᠨ᠎ᠤ ᠠᠷᠠᠯᠵᠢᠶᠠᠨ᠎ᠤ ᠬᠥᠭᠵᠢᠯᠲᠡ ᠵᠢᠨ ᠰᠢᠨ᠎ᠡ ᠬᠥᠳᠡᠯᠭᠡᠭᠴᠢ ᠬᠦᠴᠦᠨ᠎ᠢ ᠬᠥᠭᠵᠢᠭᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠨᠡᠭᠡᠭᠡᠯᠲᠡ ᠬᠢᠬᠦ ᠵᠢ ᠥᠷᠭᠡᠳᠬᠡᠬᠦ᠂ ᠰᠢᠨ᠎ᠡ ᠡᠭᠦᠳᠦᠯᠲᠡ ᠵᠢ ᠵᠣᠷᠢᠭᠵᠢᠭᠤᠯᠬᠤ᠂ ᠡᠷᠬᠡ ᠲᠡᠭᠰᠢ ᠥᠷᠢᠰᠦᠯᠳᠦᠬᠦ᠂ ᠵᠢᠷᠤᠮᠵᠢᠭᠤᠨ ᠡᠮᠬᠢ ᠵᠢᠷᠤᠮ᠎ᠲᠠᠢ ᠦᠢ᠍ᠯᠡᠴᠢᠯᠡᠭᠡᠨ᠎ᠤ ᠠᠷᠠᠯᠵᠢᠶᠠᠨ᠎ᠤ ᠬᠥᠭᠵᠢᠯᠲᠡ ᠵᠢᠨ ᠣᠷᠴᠢᠨ ᠨᠥᠬᠦᠴᠡᠯ᠎ᠢ ᠢᠳᠡᠪᠬᠢᠲᠡᠢ᠎ᠪᠠᠷ ᠡᠭᠦᠳᠬᠦ ᠬᠡᠷᠡᠭᠲᠡᠢ ᠭᠡᠵᠦ ᠱᠠᠭ᠋ᠠᠷᠳᠠᠪᠠ᠃

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠦᠭᠦᠯᠡᠬᠦᠢ᠄ 《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ 2025 ᠣᠨ᠎ᠳᠤ ᠥᠪᠥᠷ ᠮᠣᠩᠭᠣᠯ ᠶᠠᠭ᠋ᠠᠬᠢᠵᠤ ᠬᠢᠬᠦ ᠪᠣᠶ? ᠲᠠᠪᠤᠨ ᠥᠭᠦᠯᠡᠪᠦᠷᠢ᠎ᠪᠠᠷ ᠬᠤᠷᠢᠶᠠᠩᠭᠤᠢ᠌ᠯᠠᠶ᠎ᠠ
ᠦᠰᠦᠭ ᠪᠢᠴᠢᠭ ᠵᠶ᠋ᠡᠷ ᠦᠭᠦᠯᠡᠬᠦᠢ᠄《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠡᠭᠦᠷᠭᠡ ᠴᠢᠳᠠᠪᠤᠷᠢ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠦᠢᠯᠡᠰ᠎ᠤᠨ ᠨᠠᠷᠢᠨ ᠬᠠᠭᠤᠳᠠᠰᠤ》ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ (ᠨᠢᠭᠡ)
ᠦᠰᠦᠭ ᠪᠢᠴᠢᠭ ᠵᠶ᠋ᠡᠷ ᠦᠭᠦᠯᠡᠬᠦᠢ᠄《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ (ᠬᠤᠶᠠᠷ)
 
            
Baidu
map