ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠥᠭᠥᠯᠡᠬᠦᠢ᠄ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠢ᠌ᠲᠡᠯᠡᠪᠡ!
ᠨᠡᠶ᠋ᠢᠲᠡᠯᠡᠭᠰᠡᠨ ᠴᠠᠭ᠄ 2024-09-04


     ● 9 ᠳ᠋ᠦ᠍ᠭᠡᠷ ᠰᠠᠷ᠎ᠠ ᠵᠢᠨ 3᠎ᠤ ᠡᠳᠦᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ (2024 ᠣᠨ᠎ᠤ ᠪᠠᠷᠯᠠᠯ)》 ᠵᠢ ᠨᠡᠢ᠌ᠲᠡᠯᠡᠪᠡ᠃
     ● ᠠᠵᠤ ᠠᠬᠤᠢ᠌ᠯᠠᠯ᠎ᠤᠨ ᠣᠷᠣᠨ ᠬᠡᠪᠴᠢᠶ᠎ᠡ ᠠᠯᠤᠰᠯᠠᠨ ᠨᠡᠭᠦᠨ ᠰᠢᠯᠵᠢᠬᠦ ᠵᠢ ᠬᠢᠵᠠᠭ᠋ᠠᠷᠯᠠᠬᠤ᠂ ᠪᠤᠰᠤᠳ᠎ᠤᠨ ᠨᠡᠷ᠎ᠡ᠎ᠪᠠᠷ ᠳᠠᠩᠰᠠᠯᠠᠨ ᠲᠡᠮᠳᠡᠭᠯᠡᠭᠦᠯᠬᠦ᠂ ᠲᠤᠰᠬᠠᠢ ᠲᠥᠯᠥᠪᠦᠷᠢ ᠨᠡᠬᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ ᠡᠵᠡᠩᠨᠡᠯᠲᠡ ᠵᠢᠨ ᠭᠣᠣᠯ ᠴᠣᠭᠴᠠ ᠵᠢᠨ ᠠᠩᠬᠠᠷᠴᠤ ᠪᠠᠢ᠌ᠭ᠎ᠠ ᠵᠦᠢ᠍ᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠥᠭᠴᠦ᠂ ᠠᠵᠤ ᠠᠬᠤᠢ᠌ᠯᠠᠯ᠎ᠤᠨ ᠣᠨᠳᠣᠣ ᠭᠠᠵᠠᠷ᠎ᠲᠤ ᠨᠡᠭᠦᠨ ᠰᠢᠯᠵᠢᠬᠦ᠎ᠳᠤ ᠰᠢᠯᠵᠢᠨ ᠣᠷᠣᠬᠤ ᠭᠠᠵᠠᠷ᠎ᠲᠤ᠎ᠪᠠᠨ ᠬᠦᠷᠴᠦ ᠰᠢᠭᠤᠳ ᠳᠠᠩᠰᠠᠯᠠᠨ ᠲᠡᠮᠳᠡᠭᠯᠡᠭᠦᠯᠬᠦ᠂ ᠠᠵᠤ ᠠᠬᠤᠢ᠌ᠯᠠᠯ᠎ᠤᠨ ᠦᠨᠡᠨ ᠨᠡᠷ᠎ᠡ᠎ᠪᠠᠷ ᠵᠶ᠋ᠠᠨ ᠳᠠᠩᠰᠠᠯᠠᠨ ᠲᠡᠮᠳᠡᠭᠯᠡᠭᠦᠯᠬᠦ ᠲᠣᠭᠲᠠᠴᠠ ᠪᠠ ᠶᠠᠪᠤᠴᠠ ᠵᠢ᠎ᠨᠢ ᠲᠡᠭᠦᠯᠳᠡᠷᠵᠢᠭᠦᠯᠬᠦ᠂ ᠲᠤᠰᠬᠠᠢ ᠲᠥᠯᠥᠪᠦᠷᠢ ᠨᠡᠬᠡᠬᠦ ᠠᠵᠢᠯᠯᠠᠭ᠎ᠠ ᠵᠢ᠎ᠨᠢ ᠬᠠᠤᠯᠢ ᠶᠣᠰᠣᠭ᠋ᠠᠷ ᠳᠦᠷᠢᠮᠵᠢᠭᠦᠯᠬᠦ ᠵᠡᠷᠭᠡ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠳᠤᠷᠠᠳᠪᠠ᠃
     ● ᠴᠢᠩᠭ᠎ᠠ ᠵᠢᠷᠤᠮᠵᠢᠭᠤᠨ ᠪᠦᠭᠡᠳ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠲᠠᠯ᠎ᠠ᠎ᠪᠠᠷ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠢ᠌ᠳᠠᠯ᠂ ᠨᠡᠢ᠌ᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ᠎ᠲᠠᠢ᠎ᠨᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ ᠨᠥᠯᠥᠭᠡᠯᠡᠬᠦ ᠬᠦᠴᠦᠨ ᠵᠦᠢ᠍ᠯ᠎ᠢ᠎ᠨᠢ ᠶᠡᠷᠦᠩᠬᠡᠢ᠌ᠯᠡᠨ ᠪᠣᠳᠣᠯᠬᠢᠯᠠᠵᠤ᠂ ᠰᠢᠢ᠍ᠳᠬᠡᠯ ᠲᠣᠷᠭ᠋ᠠᠭᠤᠯᠢ ᠵᠢᠨ ᠲᠦᠷᠦᠯ ᠪᠠ ᠬᠡᠮᠵᠢᠶ᠎ᠡ ᠵᠢ᠎ᠨᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ ᠭᠡᠵᠦ ᠳᠤᠷᠠᠳᠤᠨ ᠭᠠᠷᠭ᠋ᠠᠪᠠ᠃
     ● ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠬᠤᠭᠤᠴᠠᠭ᠎ᠠ ᠬᠡᠲᠦᠷᠡᠭᠰᠡᠨ ᠠᠲᠠᠯ᠎ᠠ ᠲᠥᠯᠥᠭᠡᠳᠦᠢ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰᠤᠨ᠎ᠤ ᠵᠦᠢ᠍ᠯ᠎ᠤᠨ ᠭᠡᠷ᠎ᠡ ᠵᠢᠨ ᠲᠣᠭ᠎ᠠ ᠬᠡᠮᠵᠢᠶ᠎ᠡ᠂ ᠵᠣᠭᠣᠰᠤᠨ᠎ᠤ ᠲᠣᠭ᠎ᠠ ᠵᠡᠷᠭᠡ ᠮᠡᠳᠡᠭᠡ ᠵᠠᠩᠭᠢ ᠵᠢ ᠠᠵᠤ ᠠᠬᠤᠢ᠌ᠯᠠᠯ᠎ᠤᠨ ᠣᠨ᠎ᠤ ᠮᠡᠳᠡᠭᠦᠯᠦᠯᠲᠡ᠎ᠳᠤ ᠣᠷᠣᠭᠤᠯᠵᠤ᠂ ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠰᠢᠰᠲ᠋ᠧᠮ ᠵᠶ᠋ᠡᠷ ᠳᠠᠮᠵᠢᠭᠤᠯᠤᠨ ᠨᠡᠢ᠌ᠭᠡᠮ ᠨᠡᠶ᠋ᠢᠲᠡ᠎ᠳᠤ ᠢᠯᠡ ᠨᠡᠢ᠌ᠲᠡᠯᠡᠬᠦ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠎ᠠ᠃
     ● ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ᠂ ᠬᠠᠭᠤᠷᠮᠠᠭ ᠵᠦᠢ᠍ᠯ ᠦᠢ᠍ᠯᠡᠳᠴᠦ ᠪᠣᠷᠣᠯᠠᠭᠤᠯᠤᠭᠰᠠᠨ᠂ ᠡᠷᠬᠡ᠎ᠳᠤ ᠬᠠᠯᠳᠠᠵᠤ ᠬᠠᠭᠤᠷᠮᠠᠭᠯᠠᠭᠰᠠᠨ᠂ ᠵᠢᠩ ᠯᠠᠩ ᠳᠤᠲᠠᠭᠤᠳᠠᠭᠰᠠᠨ᠂ ᠭᠣᠣᠯᠴᠢ ᠥᠷᠢᠰᠦᠯᠳᠦᠭᠡᠨ᠎ᠢ ᠡᠪᠳᠡᠭᠰᠡᠨ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠵᠡᠷᠭᠡ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠡᠪᠳᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ᠎ᠡ᠃
     ● ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ ᠰᠤᠷᠭ᠋ᠠᠭᠤᠯᠢ ᠵᠢᠨ ᠬᠦᠷᠢᠶᠡᠨ᠎ᠳᠠᠬᠢ ᠢᠳᠡᠭᠡᠨ᠎ᠤ ᠠᠮᠤᠷ ᠲᠦᠪᠰᠢᠨ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠵᠦ᠂ ᠰᠤᠷᠭ᠋ᠠᠭᠤᠯᠢ ᠵᠢᠨ ᠬᠦᠷᠢᠶᠡᠨ᠎ᠳᠠᠬᠢ ᠢᠳᠡᠭᠡᠨ᠎ᠤ ᠠᠮᠤᠷ ᠲᠦᠪᠰᠢᠨ᠎ᠢ ᠴᠢᠩᠭ᠋ᠠᠳᠬᠠᠬᠤ ᠳᠦᠷᠢᠮ ᠪᠠ ᠲᠦᠷᠦ ᠵᠢᠨ ᠪᠣᠳᠣᠯᠭ᠎ᠠ ᠵᠢ ᠲᠣᠭᠲᠠᠭ᠋ᠠᠨ᠎ᠠ᠃
      ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠮᠤᠭ᠎ᠤᠨ ᠰᠢᠨ᠎ᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 3᠎ᠤ ᠡᠳᠦᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ (2024 ᠣᠨ᠎ᠤ ᠪᠠᠷᠯᠠᠯ)》 (ᠳᠣᠷᠣᠭᠰᠢ 《ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ》 ᠭᠡᠵᠦ ᠲᠣᠪᠴᠢᠯᠠᠪᠠ) ᠵᠢ ᠨᠡᠢ᠌ᠲᠡᠯᠡᠪᠡ᠃
     《ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ》᠎ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢ᠎ᠪᠠᠷ ᠵᠠᠰᠠᠵᠢᠭᠰᠠᠨ᠂ ᠳᠡᠯᠡᠬᠡᠢ᠌ᠴᠢᠯᠡᠭᠰᠡᠨ ᠲᠡᠷᠢᠭᠦᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠪᠦᠲᠦᠭᠡᠨ ᠪᠠᠢ᠌ᠭᠤᠯᠬᠤ ᠵᠢᠨ ᠲᠦᠯᠦᠭᠡ᠂ ᠪᠦᠬᠦᠯᠢ ᠴᠣᠭᠴᠠ᠎ᠪᠠᠷ᠎ᠨᠢ ᠰᠢᠯᠢᠳᠡᠭᠵᠢᠭᠦᠯᠬᠦ ᠬᠠᠷᠠᠯᠲᠠ ᠵᠢᠨ ᠲᠣᠭᠣᠷᠢᠨ᠎ᠳᠤ᠂ 《ᠴᠢᠯᠦᠭᠡᠲᠡᠢ ᠲᠠᠯᠪᠢᠬᠤ》 ᠮᠥᠷᠲᠡᠭᠡᠨ ᠪᠠᠰᠠ 《ᠬᠠᠮᠢᠶᠠᠷᠴᠤ ᠳᠡᠶ᠋ᠢᠯᠬᠦ》 ᠱᠠᠭ᠋ᠠᠷᠳᠠᠯᠭ᠎ᠠ ᠶᠣᠰᠣᠭ᠋ᠠᠷ᠂ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠭᠣᠣᠯᠳᠠᠯᠭ᠎ᠠ ᠪᠣᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠠᠬᠢᠭᠤᠯᠬᠤ ᠲᠠᠯ᠎ᠠ᠎ᠪᠠᠷ 《ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ》᠎ᠨᠢ ᠳᠣᠣᠷᠠᠬᠢ ᠮᠡᠲᠦ ᠣᠨᠴᠠᠯᠢᠭ᠎ᠲᠠᠢ᠄
      ᠨᠢᠭᠡ᠎ᠳᠤ
      ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠳᠣᠬᠠᠨ᠎ᠤ ᠡᠵᠡᠩᠨᠡᠯᠲᠡ ᠵᠢᠨ ᠭᠣᠣᠯ ᠴᠣᠭᠴᠠ ᠵᠢᠨ ᠲᠤᠰᠬᠠᠯ ᠵᠶ᠋ᠡᠷ ᠴᠢᠩᠭ᠎ᠠ ᠪᠠᠢ᠌ᠭ᠎ᠠ᠂ ᠲᠡᠷᠢᠭᠦᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠤᠨ ᠪᠦᠲᠦᠭᠡᠨ ᠪᠠᠢ᠌ᠭᠤᠯᠤᠯᠲᠠ ᠵᠢ ᠨᠥᠯᠥᠭᠡᠯᠡᠵᠦ ᠪᠠᠢ᠌ᠭ᠎ᠠ ᠭᠣᠣᠯᠳᠠᠯᠭ᠎ᠠ ᠪᠣᠯᠬᠤ ᠬᠦᠴᠢᠷᠳᠡᠯ ᠪᠠ ᠲᠦᠭᠵᠢᠷᠡᠯ᠎ᠤᠨ ᠠᠰᠠᠭᠤᠳᠠᠯ᠎ᠯᠤᠭ᠎ᠠ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠤᠬᠠᠭ᠋ᠠᠯᠠᠨ ᠳᠤᠷᠠᠳᠴᠤ᠂ ᠡᠵᠡᠩᠨᠡᠯᠲᠡ ᠵᠢᠨ ᠭᠣᠣᠯ ᠴᠣᠭᠴᠠ ᠵᠢᠨ ᠬᠥᠭᠵᠢᠯᠲᠡ᠎ᠳᠤ ᠪᠠᠲᠤᠯᠠᠭ᠎ᠠ ᠬᠠᠩᠭ᠋ᠠᠨ᠎ᠠ᠃ ᠠᠵᠤ ᠠᠬᠤᠢ᠌ᠯᠠᠯ᠎ᠤᠨ ᠣᠷᠣᠨ ᠬᠡᠪᠴᠢᠶ᠎ᠡ ᠠᠯᠤᠰᠯᠠᠨ ᠨᠡᠭᠦᠨ ᠰᠢᠯᠵᠢᠬᠦ ᠵᠢ ᠬᠢᠵᠠᠭ᠋ᠠᠷᠯᠠᠬᠤ᠂ ᠪᠤᠰᠤᠳ᠎ᠤᠨ ᠨᠡᠷ᠎ᠡ᠎ᠪᠠᠷ ᠳᠠᠩᠰᠠᠯᠠᠨ ᠲᠡᠮᠳᠡᠭᠯᠡᠭᠦᠯᠬᠦ᠂ ᠲᠤᠰᠬᠠᠢ ᠲᠥᠯᠥᠪᠦᠷᠢ ᠨᠡᠬᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ ᠡᠵᠡᠩᠨᠡᠯᠲᠡ ᠵᠢᠨ ᠭᠣᠣᠯ ᠴᠣᠭᠴᠠ ᠵᠢᠨ ᠠᠩᠬᠠᠷᠴᠤ ᠪᠠᠢ᠌ᠭ᠎ᠠ ᠵᠦᠢ᠍ᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠥᠭᠴᠦ᠂ ᠠᠵᠤ ᠠᠬᠤᠢ᠌ᠯᠠᠯ᠎ᠤᠨ ᠣᠨᠳᠣᠣ ᠭᠠᠵᠠᠷ᠎ᠲᠤ ᠨᠡᠭᠦᠨ ᠰᠢᠯᠵᠢᠬᠦ᠎ᠳᠤ ᠰᠢᠯᠵᠢᠨ ᠣᠷᠣᠬᠤ ᠭᠠᠵᠠᠷ᠎ᠲᠤ᠎ᠪᠠᠨ ᠬᠦᠷᠴᠦ ᠰᠢᠭᠤᠳ ᠳᠠᠩᠰᠠᠯᠠᠨ ᠲᠡᠮᠳᠡᠭᠯᠡᠭᠦᠯᠬᠦ᠂ ᠠᠵᠤ ᠠᠬᠤᠢ᠌ᠯᠠᠯ᠎ᠤᠨ ᠦᠨᠡᠨ ᠨᠡᠷ᠎ᠡ᠎ᠪᠠᠷ ᠵᠶ᠋ᠠᠨ ᠳᠠᠩᠰᠠᠯᠠᠨ ᠲᠡᠮᠳᠡᠭᠯᠡᠭᠦᠯᠬᠦ ᠲᠣᠭᠲᠠᠴᠠ ᠪᠠ ᠶᠠᠪᠤᠴᠠ ᠵᠢ᠎ᠨᠢ ᠲᠡᠭᠦᠯᠳᠡᠷᠵᠢᠭᠦᠯᠬᠦ᠂ ᠲᠤᠰᠬᠠᠢ ᠲᠥᠯᠥᠪᠦᠷᠢ ᠨᠡᠬᠡᠬᠦ ᠠᠵᠢᠯᠯᠠᠭ᠎ᠠ ᠵᠢ᠎ᠨᠢ ᠬᠠᠤᠯᠢ ᠶᠣᠰᠣᠭ᠋ᠠᠷ ᠳᠦᠷᠢᠮᠵᠢᠭᠦᠯᠬᠦ ᠵᠡᠷᠭᠡ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
      ᠬᠣᠶᠠᠷ᠎ᠲᠤ
      ᠲᠥᠪ ᠶᠣᠰᠤ ᠵᠢ ᠰᠠᠬᠢᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠪᠠᠢ᠌ᠳᠠᠯ ᠪᠠ ᠥᠭᠡᠷᠡᠴᠢᠯᠡᠯᠲᠡ ᠵᠢᠨ ᠡᠭᠦᠷᠭᠡ᠎ᠯᠦᠭᠡ ᠤᠶᠠᠯᠳᠤᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠰᠢᠨ᠎ᠡ ᠠᠷᠭ᠎ᠠ ᠬᠡᠮᠵᠢᠶ᠎ᠡ ᠵᠢ ᠯᠠᠪᠳᠠᠭᠤᠨ ᠪᠣᠯᠭᠣᠮᠵᠢᠲᠠᠢ᠎ᠪᠠᠷ ᠭᠠᠷᠭ᠋ᠠᠨ᠎ᠠ᠃ ᠴᠢᠩᠭ᠎ᠠ ᠵᠢᠷᠤᠮᠵᠢᠭᠤᠨ ᠪᠦᠭᠡᠳ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠲᠠᠯ᠎ᠠ᠎ᠪᠠᠷ᠂ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠢ᠌ᠳᠠᠯ᠂ ᠨᠡᠢ᠌ᠭᠡᠮ᠎ᠳᠤ ᠤᠴᠠᠷᠠᠭᠤᠯᠤᠭᠰᠠᠨ ᠬᠣᠣᠷ ᠬᠥᠨᠥᠭᠡᠯ᠎ᠤᠨ ᠬᠡᠮᠵᠢᠶ᠎ᠡ᠎ᠲᠠᠢ᠎ᠨᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ ᠨᠥᠯᠥᠭᠡᠯᠡᠬᠦ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠰᠢᠢ᠍ᠳᠬᠡᠯ ᠲᠣᠷᠭ᠋ᠠᠭᠤᠯᠢ ᠵᠢᠨ ᠲᠦᠷᠦᠯ ᠪᠠ ᠬᠡᠮᠵᠢᠶ᠎ᠡ ᠵᠢ᠎ᠨᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ ᠭᠡᠵᠦ ᠳᠤᠷᠠᠳᠤᠨ ᠭᠠᠷᠭ᠋ᠠᠪᠠ᠃ ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠦᠯᠦᠪᠯᠡᠬᠦ ᠥᠨᠳᠥᠷᠴᠡ᠎ᠠᠴᠠ ᠠᠮᠤᠷ ᠲᠦᠪᠰᠢᠨ᠎ᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ ᠵᠶ᠋ᠠᠨ ᠰᠢᠯᠢᠳᠡᠭᠵᠢᠭᠦᠯᠬᠦ ᠵᠢᠨ ᠰᠠᠭᠤᠷᠢ ᠪᠣᠯᠭ᠋ᠠᠵᠤ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠯᠴᠠᠭ᠎ᠠ ᠵᠢ᠎ᠨᠢ ᠪᠦᠷᠢᠨᠰᠢᠭᠦᠯᠬᠦ ᠵᠡᠷᠭᠡ ᠠᠯᠢ ᠤᠯᠠᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠳᠤᠷᠠᠳᠴᠠᠢ᠃
      ᠭᠤᠷᠪᠠ᠎ᠳᠤ
      ᠬᠥᠭᠵᠢᠯᠲᠡ᠎ᠳᠤ ᠦᠢ᠍ᠯᠡᠴᠢᠯᠡᠬᠦ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ ᠵᠶ᠋ᠠᠨ ᠲᠡᠭᠦᠯᠳᠡᠷᠵᠢᠭᠦᠯᠬᠦ ᠵᠢ ᠨᠡᠩ ᠴᠢᠬᠤᠯᠠ ᠪᠠᠢ᠌ᠷᠢᠨ᠎ᠳᠤ ᠲᠠᠯᠪᠢᠵᠤ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠤᠨ᠂ ᠡᠵᠡᠩᠨᠡᠯᠲᠡ ᠵᠢᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠳᠦᠷᠢᠮ᠎ᠤᠨ ᠪᠠᠲᠤᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠬᠥᠷᠥᠩᠭᠡ ᠵᠢᠨ ᠵᠦᠪᠰᠢᠶᠡᠷᠡᠨ ᠲᠤᠰᠢᠶᠠᠭᠰᠠᠨ ᠵᠶ᠋ᠠᠷ᠎ᠨᠢ ᠳᠠᠩᠰᠠᠯᠠᠨ ᠲᠡᠮᠳᠡᠭᠯᠡᠬᠦ ᠳᠦᠷᠢᠮ᠎ᠢ ᠭᠦᠨᠵᠡᠭᠡᠢ᠌ᠷᠡᠭᠦᠯᠦᠨ᠂ ᠬᠠᠤᠯᠢ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ᠎ᠪᠠᠨ ᠵᠦᠪᠰᠢᠶᠡᠷᠡᠨ ᠲᠤᠰᠢᠶᠠᠬᠤ ᠵᠢ ᠬᠡᠷᠡᠭᠵᠢᠭᠦᠯᠦᠨ᠎ᠡ; ᠢᠲᠡᠭᠡᠮᠵᠢ ᠵᠢᠨ ᠲᠦᠭᠰᠢᠭᠦᠷᠢ ᠵᠢ ᠲᠦᠷᠦᠯ ᠬᠤᠪᠢᠶᠠᠨ ᠬᠠᠮᠢᠶᠠᠷᠬᠤ ᠵᠢ ᠪᠦᠬᠦ ᠲᠠᠯ᠎ᠠ᠎ᠪᠠᠷ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠢ᠌ᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠠᠬᠢ ᠴᠢᠬᠤᠯᠠ ᠪᠤᠰᠤ ᠭᠠᠷ ᠳᠦᠷᠦᠯᠲᠡ ᠵᠢ ᠦᠨᠡᠨ ᠬᠦ᠌ ᠪᠠᠭ᠋ᠠᠰᠬᠠᠨ᠎ᠠ; ᠭᠣᠣᠯᠴᠢ ᠦᠷᠢᠰᠦᠯᠳᠦᠭᠡᠨ᠎ᠤ ᠳᠦᠷᠢᠮ ᠲᠣᠭᠲᠠᠴᠠ ᠵᠢ ᠪᠦᠷᠢᠨᠰᠢᠭᠦᠯᠵᠦ᠂ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠨᠡᠭᠦᠨ ᠰᠢᠯᠵᠢᠬᠦ ᠵᠢ᠎ᠨᠢ ᠬᠢᠵᠠᠭ᠋ᠠᠷᠯᠠᠬᠤ᠂ ᠵᠠᠬ᠎ᠠ ᠳᠡᠯᠭᠡᠭᠦᠷ᠎ᠲᠤ ᠭᠣᠣᠯᠴᠢ᠎ᠪᠠᠷ ᠣᠷᠣᠬᠤ ᠵᠥᠪᠰᠢᠶᠡᠷᠡᠯ᠎ᠢ ᠬᠠᠷᠰᠢᠯᠠᠬᠤ᠂ ᠥᠪᠡᠷ ᠪᠡᠶ᠎ᠡ ᠵᠢᠨ 《ᠪᠠᠭ᠎ᠠ ᠣᠷᠴᠢᠯ》᠎ᠢ ᠪᠤᠢ ᠪᠣᠯᠭ᠋ᠠᠬᠤ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠢ ᠠᠷᠢᠯᠭ᠋ᠠᠨ᠎ᠠ ᠭᠡᠵᠦ ᠳᠤᠷᠠᠳᠤᠨ ᠭᠠᠷᠭ᠋ᠠᠪᠠ᠃
      ᠳᠥᠷᠪᠡ᠎ᠳᠤ
      ᠰᠢᠰᠲ᠋ᠧᠮ᠎ᠤᠨ ᠬᠤᠷᠠᠮᠠᠯ᠎ᠢ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠪᠦᠬᠦᠯᠢ ᠴᠣᠭᠴᠠ ᠵᠢᠨ ᠲᠥᠯᠦᠪᠵᠢᠭᠦᠯᠭᠡ ᠪᠠ ᠰᠢᠰᠲ᠋ᠧᠮ᠎ᠤᠨ ᠪᠠᠢ᠌ᠷᠢᠰᠢᠭᠤᠯᠤᠯᠲᠠ ᠵᠢ ᠴᠢᠩᠭ᠋ᠠᠳᠬᠠᠨ᠂ ᠡᠯ᠎ᠡ ᠲᠠᠯ᠎ᠠ ᠵᠢᠨ ᠠᠷᠭ᠎ᠠ ᠬᠡᠮᠵᠢᠶ᠎ᠡ ᠵᠢ ᠬᠠᠷᠢᠯᠴᠠᠨ ᠥᠨᠳᠥᠷ ᠪᠦᠲᠦᠮᠵᠢᠲᠡᠶ ᠬᠠᠮᠵᠢᠯᠴᠠᠭᠤᠯᠵᠤ᠂ ᠲᠥᠷᠥ ᠵᠢᠨ ᠪᠣᠳᠣᠯᠭ᠎ᠠ ᠵᠢᠨ ᠠᠭᠤᠰᠤᠯᠴᠠᠨ ᠨᠡᠢ᠌ᠳᠬᠡᠬᠦ ᠦᠢ᠍ᠯᠡᠳᠦᠯ᠎ᠢ ᠴᠢᠩᠭ᠋ᠠᠷᠠᠭᠤᠯᠤᠨ᠎ᠠ᠃ 《ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ》 ᠪᠣᠯ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠶᠡᠷᠦᠩᠬᠡᠢ᠌ᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠂ ᠲᠡᠷᠡ᠎ᠨᠢ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠡᠯ᠎ᠡ ᠶᠡᠬᠡ ᠡᠭᠦᠷᠭᠡ ᠴᠢᠳᠠᠪᠤᠷᠢ ᠵᠢᠨ ᠬᠦᠷᠢᠶ᠎ᠡ ᠬᠡᠪᠴᠢᠶ᠎ᠡ ᠵᠢ ᠬᠠᠮᠤᠷᠴᠤ᠂ ᠵᠠᠬ᠎ᠠ ᠳᠡᠯᠭᠡᠭᠦᠷ᠎ᠲᠤ ᠣᠷᠣᠬᠤ ᠵᠦᠪᠰᠢᠶᠡᠷᠡᠯ᠂ ᠭᠣᠣᠯᠴᠢ ᠦᠷᠢᠰᠦᠯᠳᠦᠭᠡᠨ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ᠂ ᠳᠦᠷᠢᠮ᠎ᠤᠨ ᠪᠠᠢ᠌ᠭᠤᠯᠤᠯᠲᠠ᠂ ᠰᠠᠭᠤᠷᠢ ᠲᠤᠯᠭ᠋ᠠᠭᠤᠷᠢᠯᠠᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠡᠷᠭᠡ ᠤᠯᠠᠨ ᠲᠠᠯ᠎ᠠ ᠤᠯᠠᠨ ᠱᠤᠭᠤᠮ᠎ᠤᠨ ᠭᠣᠣᠯᠯᠠᠬᠤ ᠠᠵᠢᠯ᠎ᠢ ᠠᠭᠤᠰᠤᠯᠴᠠᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠣᠯ ᠠᠵᠤ ᠠᠬᠤᠢ ᠵᠢᠨ ᠪᠠᠭᠤᠷᠠᠯᠲᠠ ᠵᠢᠨ ᠳᠠᠷᠤᠭ᠋ᠠᠰᠤ ᠵᠢ ᠠᠷᠭ᠋ᠠᠴᠠᠬᠤ᠂ ᠡᠵᠡᠩᠨᠡᠯᠲᠡ ᠵᠢᠨ ᠭᠣᠣᠯ ᠴᠣᠭᠴᠠ ᠵᠢᠨ ᠢᠲᠡᠭᠡᠯ᠎ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ᠌ ᠭᠠᠳᠠᠭ᠋ᠠᠳᠤ ᠪᠡᠯᠡ ᠵᠢ ᠦᠷᠭᠦᠯᠵᠢᠯᠡᠨ ᠲᠠᠲᠠᠬᠤ᠂ ᠥᠨᠳᠥᠷ ᠬᠢᠷᠢ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠲᠦᠯᠬᠢᠨ ᠠᠬᠢᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠣᠨ᠎ᠠ᠃ ᠲᠠᠷᠠᠭ᠋ᠠᠴᠢ᠎ᠪᠠᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠡᠵᠡᠩᠨᠡᠯᠲᠡ ᠵᠢᠨ ᠭᠣᠣᠯ ᠴᠣᠭᠴᠠ ᠵᠢᠨ ᠬᠦᠰᠡᠯ ᠱᠠᠭ᠋ᠠᠷᠳᠠᠯᠭ᠎ᠠ᠎ᠪᠠᠨ ᠲᠤᠰᠬᠠᠬᠤ ᠠᠷᠭ᠎ᠠ ᠵᠠᠮ᠎ᠢ ᠰᠢᠯᠤᠭᠤᠳᠬᠠᠵᠤ᠂ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠵᠢᠭ᠋ᠠᠨ ᠵᠢᠯᠣᠭᠣᠳᠴᠤ ᠪᠠᠢ᠌ᠭ᠋ᠠᠳ 《ᠭᠣᠣᠯᠳᠠᠯᠭ᠎ᠠ ᠪᠣᠯᠬᠤ ᠠᠷᠭ᠎ᠠ ᠬᠡᠮᠵᠢᠶ᠎ᠡ》 ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠨ᠎ᠠ᠃  

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠦᠭᠦᠯᠡᠬᠦᠢ᠄ ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠤᠷᠢᠳ ᠵᠶ᠋ᠠᠷ ᠬᠢᠬᠦ ᠳᠡᠰ ᠳᠠᠷᠠᠭ᠋ᠠᠯᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠨ᠎ᠠ
5 ᠲᠠᠯ᠎ᠠ ᠵᠢᠨ 20 ᠭᠣᠣᠯᠳᠠᠯᠭ᠎ᠠ᠎ᠲᠠᠢ ᠡᠭᠦᠷᠭᠡ! ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠬᠠᠮᠤᠭ᠎ᠤᠨ ᠰᠢᠨ᠎ᠡ᠎ᠪᠠᠷ ᠳᠠᠷᠤᠮᠠᠯᠯᠠᠨ ᠲᠠᠷᠬᠠᠭ᠋ᠠᠪᠠ
ᠦᠰᠦᠭ ᠪᠢᠴᠢᠭ ᠵᠶ᠋ᠡᠷ ᠦᠭᠦᠯᠡᠬᠦᠢ᠄ 《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ 2025 ᠣᠨ᠎ᠳᠤ ᠥᠪᠥᠷ ᠮᠣᠩᠭᠣᠯ ᠶᠠᠭ᠋ᠠᠬᠢᠵᠤ ᠬᠢᠬᠦ ᠪᠣᠶ? ᠲᠠᠪᠤᠨ ᠥᠭᠦᠯᠡᠪᠦᠷᠢ᠎ᠪᠠᠷ ᠬᠤᠷᠢᠶᠠᠩᠭᠤᠢ᠌ᠯᠠᠶ᠎ᠠ
ᠦᠰᠦᠭ ᠪᠢᠴᠢᠭ ᠵᠶ᠋ᠡᠷ ᠦᠭᠦᠯᠡᠬᠦᠢ᠄《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠡᠭᠦᠷᠭᠡ ᠴᠢᠳᠠᠪᠤᠷᠢ᠎ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠦᠢᠯᠡᠰ᠎ᠤᠨ ᠨᠠᠷᠢᠨ ᠬᠠᠭᠤᠳᠠᠰᠤ》ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            
Baidu
map