ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠡᠷ ᠦᠭᠦᠯᠡᠬᠦᠢ᠄《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ (ᠬᠤᠶᠠᠷ)
ᠨᠡᠶ᠋ᠢᠲᠡᠯᠡᠭᠰᠡᠨ ᠴᠠᠭ᠄ 2024-12-31

    ᠭᠤᠷᠪᠠ᠂ ᠭᠣᠣᠯ ᠣᠨᠴᠠᠯᠢᠭ
    ᠨᠢᠭᠡ᠎ᠳᠤ ᠤᠤᠯ᠎ᠤᠨ ᠬᠠᠮᠢᠶᠠᠷᠤᠯᠲᠠ ᠵᠢᠨ ᠠᠷᠭ᠎ᠠ ᠵᠢᠨ ᠬᠡᠷᠡᠭᠯᠡᠬᠦ ᠬᠡᠪᠴᠢᠶ᠎ᠡ ᠵᠢ ᠥᠷᠭᠡᠳᠬᠡᠪᠡ  ᠃ ᠤᠤᠯ᠎ᠤᠨ 《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠨ ᠬᠠᠮᠢᠶᠠᠷᠬᠤ᠎ᠳᠤ ᠲᠣᠬᠢᠷᠠᠬᠤ ᠪᠤᠰᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ》᠎ᠠᠴᠠ 《ᠮᠠᠨ᠎ᠤ ᠣᠷᠣᠨ᠎ᠳᠤ ᠬᠠᠷᠢᠶᠠᠯᠠᠭᠳᠠᠬᠤ ᠪᠤᠶᠤ ᠮᠠᠨ᠎ᠤ ᠣᠷᠣᠨ᠎ᠤ ᠵᠣᠬᠢᠶᠠᠨ ᠪᠠᠢ᠌ᠭᠤᠯᠤᠯᠲᠠ᠎ᠳᠤ ᠣᠷᠣᠯᠴᠠᠬᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠎ᠠ ᠵᠢᠨ ᠭᠣᠣᠯ ᠴᠣᠭᠴᠠ (ᠳᠣᠷᠣᠭᠰᠢ ᠬᠠᠷᠢᠭᠤᠴᠠᠯᠭ᠎ᠠ ᠵᠢᠨ ᠭᠣᠣᠯ ᠴᠣᠭᠴᠠ ᠭᠡᠵᠦ ᠲᠣᠪᠴᠢᠯᠠᠨ᠎ᠠ) ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠵᠢᠷᠤᠮᠵᠢᠯ᠎ᠢ ᠵᠢᠷᠤᠮᠯᠠᠭᠰᠠᠨ ᠪᠠᠢ᠌ᠳᠠᠯ  ᠃》
  ᠬᠣᠶᠠᠷ᠎ᠲᠤ ᠤᠤᠯ᠎ᠤᠨ ᠬᠣᠶᠠᠳᠤᠭ᠋ᠠᠷ ᠪᠦᠯᠦᠭ 《ᠬᠠᠮᠢᠶᠠᠷᠤᠯᠲᠠ ᠵᠢᠨ ᠲᠣᠭᠲᠠᠴᠠ》 ᠵᠢ 《ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ》 ᠭᠡᠵᠦ ᠵᠠᠰᠠᠪᠠ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠯ᠎ᠡ ᠠᠵᠢᠯ ᠲᠥᠷᠥᠯ᠎ᠤᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠮᠠᠨ᠎ᠤ ᠣᠷᠣᠨ᠎ᠳᠤ ᠬᠠᠷᠢᠶᠠᠯᠠᠭᠳᠠᠬᠤ ᠪᠤᠶᠤ ᠮᠠᠨ᠎ᠤ ᠣᠷᠣᠨ᠎ᠤ ᠵᠣᠬᠢᠶᠠᠨ ᠪᠠᠢ᠌ᠭᠤᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠯᠠᠭ᠎ᠠ᠎ᠳᠤ ᠬᠠᠷᠢᠶᠠᠯᠠᠭᠳᠠᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ᠂ ᠠᠵᠢᠯ ᠦᠢᠯᠡᠰ᠎ᠤᠨ ᠨᠢᠭᠡᠴᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠤᠰᠬᠠᠶ ᠦᠢᠯᠡᠴᠢᠯᠡᠭᠡᠨ᠎ᠤ ᠪᠠᠢ᠌ᠭᠤᠯᠤᠮᠵᠢ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠨ ᠲᠣᠳᠣᠷᠬᠠᠢ᠌ᠯᠠᠬᠤ ᠬᠡᠷᠡᠭᠲᠡᠶ  ᠃
    ᠭᠤᠷᠪᠠ᠎ᠳᠤ ᠤᠤᠯ᠎ᠤᠨ ᠭᠤᠷᠪᠠᠳᠤᠭ᠋ᠠᠷ ᠪᠦᠯᠦᠭ 《ᠲᠡᠮᠳᠡᠭᠯᠡᠬᠦ ᠪᠠ ᠦᠨᠡᠯᠡᠬᠦ》 ᠵᠢ ᠳᠥᠷᠪᠡᠳᠦᠭᠡᠷ ᠪᠦᠯᠦᠭ 《ᠢᠲᠡᠭᠡᠮᠵᠢ ᠵᠢ ᠦᠨᠡᠯᠡᠬᠦ ᠪᠠ ᠰᠡᠷᠭᠦᠭᠡᠬᠦ》 ᠭᠡᠵᠦ ᠵᠠᠰᠠᠪᠤᠷᠢ ᠣᠷᠣᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ᠎ᠳᠤ ᠡᠩ᠎ᠤᠨ ᠪᠠᠢ᠌ᠳᠠᠯ᠎ᠳᠤ ᠱᠠᠲᠤ ᠬᠤᠪᠢᠶᠠᠨ ᠦᠨᠡᠯᠡᠬᠦ ᠲᠦᠷᠢᠮ᠎ᠢ ᠬᠡᠷᠡᠭᠵᠢᠭᠦᠯᠵᠦ᠂ ᠵᠠᠷᠴᠢᠮ ᠳᠡᠭᠡᠷ᠎ᠡ᠎ᠪᠠᠨ ᠦᠨᠡᠯᠡᠬᠦ ᠵᠢ ᠳᠥᠷᠪᠡᠨ ᠳᠡᠰ ᠬᠤᠪᠢᠶᠠᠨ ᠢᠲᠡᠭᠡᠮᠵᠢ ᠵᠢ ᠦᠨᠡᠯᠡᠬᠦ᠂ ᠲᠡᠮᠳᠡᠭᠯᠡᠬᠦ ᠪᠠ ᠬᠠᠮᠢᠶᠠᠷᠬᠤ ᠬᠡᠷᠡᠭᠲᠡᠶ ᠭᠡᠵᠦ ᠲᠣᠳᠣᠷᠬᠠᠢ᠌ᠯᠠᠪᠠ; ᠡᠭᠦᠨ᠎ᠤ ᠬᠠᠮᠲᠤ ᠡᠯ᠎ᠡ ᠠᠵᠢᠯ ᠲᠥᠷᠥᠯ᠎ᠤᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ ᠪᠠᠰᠠ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠲᠣᠰ ᠠᠵᠢᠯ ᠲᠥᠷᠥᠯ᠎ᠤᠨ ᠬᠦᠷᠢᠶᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠵᠢᠨ ᠵᠡᠷᠭᠡ ᠳᠡᠰ᠎ᠢ ᠥᠪᠡᠰᠦᠪᠡᠨ ᠵᠢᠷᠤᠵᠤ ᠲᠥᠯᠥᠪᠯᠡᠬᠦ ᠵᠢᠨ ᠬᠠᠮᠲᠤ ᠢᠯᠭ᠋ᠠᠨ ᠰᠠᠯᠭ᠋ᠠᠵᠤ ᠬᠠᠮᠢᠶᠠᠷᠴᠤ ᠪᠣᠯᠤᠨ᠎ᠠ ᠭᠡᠵᠦ ᠲᠣᠳᠣᠷᠬᠠᠢ᠌ᠯᠠᠪᠠ  ᠃
    ᠳᠥᠷᠪᠡ᠎ᠳᠤ ᠤᠤᠯ᠎ᠤᠨ ᠳᠥᠷᠪᠡᠳᠦᠭᠡᠷ ᠪᠦᠯᠦᠭ 《ᠢᠲᠡᠭᠡᠯ ᠵᠶ᠋ᠡᠨ ᠠᠯᠳᠠᠭᠰᠠᠨ᠎ᠢ ᠪᠠᠢ᠌ᠴᠠᠭ᠋ᠠᠬᠤ》 ᠠᠭᠤᠯᠭ᠎ᠠ ᠵᠢ ᠭᠤᠷᠪᠠᠳᠤᠭ᠋ᠠᠷ ᠪᠦᠯᠦᠭ 《ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠬᠦ》 ᠭᠡᠵᠦ ᠵᠠᠰᠠᠪᠤᠷᠢ ᠣᠷᠣᠭᠤᠯᠪᠠ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠬᠦ᠎ᠳᠤ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠬᠦ ᠲᠦᠷᠢᠮ》 (ᠲᠥᠷᠥ ᠰᠢᠨᠵᠢᠯᠡᠬᠦ ᠲᠠᠷᠬᠠᠭ᠋ᠠᠭᠰᠠᠨ ᠬᠢᠨᠠᠯᠲᠠ 2022221 ᠳ᠋ᠦ᠍ᠭᠡᠷ ᠲᠣᠭ᠋ᠠᠲᠤ) ᠪᠠ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢᠳᠪᠦᠷᠢᠯᠡᠬᠦ ᠲᠦᠷ ᠬᠡᠷᠡᠭᠵᠢᠭᠦᠯᠬᠦ ᠲᠣᠭᠲᠠᠭ᠋ᠠᠯ》 (ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ 19 ᠳ᠋ᠦ᠍ᠭᠡᠷ ᠲᠣᠭ᠋ᠠᠲᠤ ᠵᠠᠷᠯᠢᠭ) ᠶᠣᠰᠣᠭ᠋ᠠᠷ ᠬᠡᠷᠡᠭᠵᠢᠭᠦᠯᠬᠦ ᠬᠡᠷᠡᠭᠲᠡᠶ ᠭᠡᠵᠦ ᠲᠣᠳᠣᠷᠬᠠᠢ᠌ᠯᠠᠪᠠ᠃ ᠲᠡᠷᠡᠴᠢᠯᠡᠨ 《ᠬᠠᠷᠢᠭᠤᠴᠠᠯᠭ᠎ᠠ ᠵᠢᠨ ᠪᠡᠶᠡᠴᠢ ᠴᠣᠭᠴᠠ᠎ᠨᠢ ᠡᠭᠦᠷᠭᠡ ᠬᠠᠷᠢᠭᠤᠴᠠᠯᠭ᠎ᠠ᠎ᠪᠠᠨ ᠴᠢᠷᠮᠠᠢ᠌ᠨ ᠭᠦᠢ᠍ᠴᠡᠳᠬᠡᠭᠰᠡᠨ ᠪᠣᠯᠪᠠᠴᠤ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠬᠠᠷᠠᠯᠲᠠ ᠡᠭᠦᠷᠭᠡ ᠵᠢ ᠮᠥᠨ ᠯᠡ ᠪᠡᠶᠡᠯᠡᠭᠦᠯᠵᠦ ᠳᠡᠢ᠌ᠯᠬᠦ ᠦᠭᠡᠢ ᠪᠠᠢ᠌ᠪᠠᠯ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠤᠭᠤᠯᠤᠭ᠋ᠠᠳ ᠬᠠᠷᠢᠭᠤᠴᠠᠯᠭ᠎ᠠ᠎ᠠᠴᠠ ᠬᠡᠯᠲᠦᠷᠢᠭᠦᠯᠦᠨ᠎ᠡ》 ᠭᠡᠵᠦ ᠳᠤᠷᠠᠳᠤᠨ ᠭᠠᠷᠭ᠋ᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠡᠷ ᠦᠭᠦᠯᠡᠬᠦᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠲᠡᠮᠳᠡᠭᠯᠡᠬᠦ ᠠᠵᠢᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ) ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠲᠥᠰᠦᠯ》᠎ᠢ ᠳᠠᠷᠤᠮᠠᠯᠯᠠᠨ ᠲᠠᠷᠬᠠᠭ᠋ᠠᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠬᠣᠪᠣᠷ ᠰᠢᠷᠣᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠪᠠ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ》
ᠵᠢᠷᠤᠭᠲᠤ ᠲᠠᠶ᠋ᠢᠯᠤᠮᠵᠢ᠄ 《ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠲᠦᠷᠢᠮ》
 
            
Baidu
map