ᠨᠢᠭᠡ᠂ ᠲᠤᠭᠤᠷᠪᠢᠨ ᠪᠢᠴᠢᠭᠰᠡᠨ ᠠᠬᠤᠢ ᠪᠠᠢ᠌ᠳᠠᠯ ᠪᠠ ᠦᠨᠳᠦᠰᠦᠯᠡᠯ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ᠎ᠤᠳ》 (ᠲᠢᠩᠬᠢᠮ ᠥᠰᠥᠭ [2018] 23 ᠳ᠋ᠤᠭ᠋ᠠᠷ ᠲᠣᠭ᠋ᠠᠲᠤ) 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ》 (ᠲᠥᠪ ᠠᠯᠪᠠᠨ ᠲᠠᠷᠬᠠᠭ᠋ᠠᠭᠰᠠᠨ 201935 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠵᠢᠨ ᠲᠤᠰᠠᠳᠠ᠂ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠵᠠᠰᠠᠭ ᠥᠰᠥᠭ 202212 ᠳ᠋ᠤᠭ᠋ᠠᠷ ᠲᠣᠭ᠋ᠠᠲᠤ) ᠵᠢ ᠳᠠᠷᠤᠮᠠᠯᠯᠠᠨ ᠲᠠᠷᠬᠠᠭ᠋ᠠᠪᠠ᠃ ᠲᠤᠰ ᠠᠷᠭ᠎ᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠨ ᠬᠠᠮᠢᠶᠠᠷᠴᠤ ᠪᠦᠬᠦᠢ ᠪᠤᠰᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ᠎ᠳᠤ ᠲᠣᠬᠢᠷᠠᠨ᠎ᠠ᠃
ᠰᠢᠨ᠎ᠡ ᠪᠠᠢ᠍ᠳᠠᠯ᠎ᠳᠤ ᠵᠣᠬᠢᠴᠠᠬᠤ ᠵᠢᠨ ᠲᠥᠯᠥᠭᠡ᠂ ᠰᠢᠨ᠎ᠡ ᠱᠠᠭ᠋ᠠᠷᠳᠠᠯᠭ᠎ᠠ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠢ ᠭᠦᠨᠵᠡᠭᠡᠶ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠂ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠲᠤᠬᠠᠶ ᠵᠠᠰᠠᠭ᠎ᠤᠨ ᠣᠷᠳᠣᠨ᠎ᠤ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠬᠠᠤᠯᠢ ᠵᠢ ᠦᠨᠳᠦᠰᠦᠯᠡᠪᠡᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠦᠷᠢᠮ》᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢᠳᠪᠦᠷᠢᠯᠡᠬᠦ ᠲᠦᠷ ᠬᠡᠷᠡᠭᠵᠢᠭᠦᠯᠬᠦ ᠲᠣᠭᠲᠠᠭ᠋ᠠᠯ》 (ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ 19 ᠳ᠋ᠦ᠍ᠭᠡᠷ ᠲᠣᠭ᠋ᠠᠲᠤ ᠵᠠᠷᠯᠢᠭ)᠂ ᠵᠢᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠠᠷᠤᠮᠠᠯᠯᠠᠨ ᠶᠠᠪᠤᠭᠤᠯᠤᠭᠰᠠᠨ 《ᠪᠦᠬᠦ ᠣᠷᠣᠨ᠎ᠳᠤ ᠦᠨᠡᠨᠴᠢ ᠢᠲᠡᠭᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ》᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠬᠦ ᠲᠦᠷᠢᠮ》 (ᠣᠯᠣᠰ ᠰᠢᠨᠵᠢᠯᠡᠬᠦ ᠲᠠᠷᠬᠠᠭ᠋ᠠᠭᠰᠠᠨ ᠬᠢᠨᠠᠯᠲᠠ)᠂ ᠥᠪᠡᠷᠲᠡᠭᠡᠨ ᠵᠠᠰᠠᠬᠤ ᠣᠷᠣᠨ᠎ᠤ 《ᠠᠵᠢᠯ ᠲᠥᠷᠥᠯ᠎ᠤᠨ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠥᠨ ᠦᠰᠦᠭ) [2024] 570 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》᠎ᠳᠤ ᠳᠠᠬᠢᠨ ᠵᠠᠰᠠᠪᠤᠷᠢ ᠣᠷᠣᠭᠤᠯᠪᠠ᠂ ᠬᠡᠷᠡᠭᠯᠡᠬᠦ ᠬᠡᠪᠴᠢᠶ᠎ᠡ ᠵᠢ ᠡᠯ᠎ᠡ ᠠᠵᠢᠯ ᠲᠥᠷᠥᠯ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ᠎ᠳᠤ ᠬᠦᠷᠲᠡᠯ᠎ᠡ ᠥᠷᠭᠡᠳᠬᠡᠨ᠎ᠡ᠂ ᠨᠠᠮ᠎ᠤᠨ ᠲᠥᠪ ᠬᠣᠷᠢᠶ᠎ᠠ᠂ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢᠨ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠱᠠᠭ᠋ᠠᠷᠳᠠᠯᠭ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠯᠲᠠ ᠵᠢᠨ ᠰᠢᠨ᠎ᠡ ᠪᠠᠢ᠌ᠷᠢᠰᠢᠯ᠎ᠢ ᠪᠠᠢ᠌ᠭᠤᠯᠤᠨ᠎ᠠ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠂ ᠡᠷᠬᠡ ᠲᠡᠭᠰᠢ ᠲᠥᠪ ᠭᠣᠣᠯᠴᠢ ᠡᠮᠬᠢ ᠵᠢᠷᠤᠮ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠨᠥᠬᠥᠴᠡᠯ᠎ᠢ ᠪᠤᠢ ᠪᠣᠯᠭ᠋ᠠᠨ᠎ᠠ ᠃
ᠬᠣᠶᠠᠷ᠂ ᠶᠡᠷᠦᠩᠬᠡᠢ ᠪᠣᠷᠣ ᠲᠥᠯᠥᠪ ᠪᠠ ᠠᠭᠤᠯᠭ᠎ᠠ
《ᠬᠠᠮᠢᠶᠠᠷᠤᠯᠲᠠ ᠵᠢᠨ ᠠᠷᠭ᠎ᠠ》᠎ᠨᠢ ᠨᠡᠢ᠌ᠲᠡ 5 ᠪᠦᠯᠦᠭ 19 ᠵᠦᠢᠯ᠎ᠲᠠᠢ ᠃
ᠨᠢᠭᠡᠳᠦᠭᠡᠷ ᠪᠦᠯᠦᠭ ᠶᠡᠷᠦᠩᠬᠡᠶ ᠳᠦᠷᠢᠮ᠂ ᠨᠡᠢ᠌ᠲᠡ 4 ᠵᠦᠢ᠍ᠯ ᠃ ᠭᠣᠤᠯᠳᠠᠭᠤ 《ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠬᠤ ᠦᠨᠳᠦᠰᠦᠯᠡᠯ᠂ ᠬᠠᠮᠢᠶᠠᠷᠤᠯᠲᠠ ᠵᠢᠨ ᠶᠡᠷᠦᠩᠬᠡᠶ ᠱᠠᠭ᠋ᠠᠷᠳᠠᠯᠭ᠎ᠠ ᠪᠠ ᠬᠠᠷᠢᠭᠤᠴᠠᠯᠭ᠎ᠠ ᠵᠢᠨ ᠭᠣᠤᠯ ᠴᠣᠭᠴᠠ᠂ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠠᠭᠤᠯᠭ᠎ᠠ᠂ ᠬᠠᠮᠢᠶᠠᠷᠤᠯᠲᠠ ᠵᠢᠨ ᠶᠡᠷᠦᠩᠬᠡᠶ ᠵᠠᠷᠴᠢᠮ᠎ᠢ ᠲᠣᠳᠣᠷᠬᠠᠢ᠌ᠯᠠᠪᠠ ᠃
ᠬᠣᠶᠠᠳᠤᠭ᠋ᠠᠷ ᠪᠦᠯᠦᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠃ ᠭᠣᠤᠯᠳᠠᠭᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠯ᠎ᠡ ᠠᠵᠢᠯ ᠲᠥᠷᠥᠯ᠎ᠤᠨ ᠭᠣᠤᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ᠂ ᠠᠵᠢᠯ ᠦᠢᠯᠡᠰ᠎ᠤᠨ ᠨᠢᠭᠡᠴᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠤᠰᠬᠠᠶ ᠮᠡᠷᠭᠡᠵᠢᠯ᠎ᠤᠨ ᠦᠢᠯᠡᠴᠢᠯᠡᠭᠡᠨ᠎ᠤ ᠪᠠᠢ᠌ᠭᠤᠯᠤᠮᠵᠢ ᠵᠡᠷᠭᠡ ᠵᠢᠨ ᠠᠵᠢᠯ᠎ᠤᠨ ᠬᠤᠪᠢᠶᠠᠷᠢᠯᠠᠯ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠪᠠ ᠃
ᠭᠤᠷᠪᠠᠳᠤᠭ᠋ᠠᠷ ᠪᠦᠯᠦᠭ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢ ᠪᠠᠢ᠌ᠴᠠᠭ᠋ᠠᠨ ᠰᠢᠢᠳᠪᠦᠷᠢᠯᠡᠬᠦ ᠃ ᠭᠣᠤᠯᠳᠠᠭᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠯ ᠠᠯᠳᠠᠭᠰᠠᠨ ᠠᠵᠢᠯᠯᠠᠭ᠎ᠠ᠎ᠳᠤ ᠪᠠᠭᠲᠠᠬᠤ ᠠᠭᠤᠯᠭ᠎ᠠ᠂ ᠪᠠᠢ᠌ᠴᠠᠭ᠋ᠠᠨ ᠰᠢᠢᠳᠪᠦᠷᠢᠯᠡᠬᠦ ᠡᠷᠬᠡ ᠬᠠᠷᠢᠭᠤᠴᠠᠯᠭ᠎ᠠ᠂ ᠪᠠᠢ᠌ᠴᠠᠭ᠋ᠠᠨ ᠰᠢᠢᠳᠪᠦᠷᠢᠯᠡᠬᠦ ᠲᠦᠷᠢᠮ᠂ ᠪᠤᠷᠤᠭᠤ ᠵᠢ ᠠᠭᠤᠴᠢᠯᠠᠵᠤ ᠬᠠᠷᠢᠭᠤᠴᠠᠯᠭ᠎ᠠ᠎ᠠᠴᠠ ᠭᠡᠯᠳᠦᠷᠢᠭᠦᠯᠬᠦ ᠱᠠᠭ᠋ᠠᠷᠳᠠᠯᠭ᠎ᠠ ᠵᠡᠷᠭᠡ ᠵᠢ ᠲᠣᠳᠣᠷᠬᠠᠢ᠌ᠯᠠᠪᠠ ᠃
ᠳᠥᠷᠪᠡᠳᠦᠭᠡᠷ ᠪᠦᠯᠦᠭ ᠢᠲᠡᠭᠡᠮᠵᠢ ᠵᠢ ᠦᠨᠡᠯᠡᠬᠦ ᠪᠠ ᠰᠡᠯᠪᠢᠨ ᠰᠡᠷᠭᠦᠭᠡᠬᠦ᠎ᠳᠤ ᠨᠡᠢ᠌ᠲᠡ 4 ᠵᠦᠢ᠍ᠯ ᠪᠤᠶ ᠃ ᠭᠣᠤᠯᠳᠠᠭᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠵᠢ ᠲᠠᠰ ᠬᠤᠪᠢᠶᠠᠨ ᠦᠨᠡᠯᠡᠬᠦ ᠲᠦᠷᠢᠮ᠂ ᠮᠡᠳᠡᠭᠡ ᠵᠠᠩᠭᠢ ᠴᠤᠭᠯᠠᠭᠤᠯᠬᠤ ᠪᠠ ᠲᠡᠮᠳᠡᠭᠯᠡᠬᠦ ᠵᠢ ᠥᠷᠨᠢᠭᠦᠯᠬᠦ ᠱᠠᠭ᠋ᠠᠷᠳᠠᠯᠭ᠎ᠠ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠨ ᠲᠡᠮᠳᠡᠭᠯᠡᠯ᠎ᠢ ᠰᠢᠯᠵᠢᠭᠦᠯᠦᠨ ᠭᠠᠷᠭ᠋ᠠᠬᠤ ᠪᠠ ᠰᠡᠷᠭᠦᠭᠡᠬᠦ ᠲᠣᠭᠲᠠᠭ᠋ᠠᠯ ᠵᠡᠷᠭᠡ ᠵᠢ ᠲᠣᠳᠣᠷᠬᠠᠢ᠌ᠯᠠᠪᠠ ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ 2 ᠵᠦᠢ᠍ᠯ᠎ᠲᠠᠢ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠲᠠᠢ᠌ᠯᠪᠤᠷᠢᠯᠠᠬᠤ ᠡᠷᠬᠡ ᠪᠠ ᠲᠣᠰ ᠠᠷᠭ᠎ᠠ ᠵᠢᠨ ᠬᠡᠷᠡᠭᠵᠢᠭᠦᠯᠬᠦ ᠡᠳᠦᠷ ᠬᠤᠭᠤᠴᠠᠭ᠎ᠠ ᠵᠢ ᠲᠣᠳᠣᠷᠬᠠᠢ᠌ᠯᠠᠪᠠ ᠃