ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠲᠥᠰᠦᠯ》᠎ᠢ ᠳᠠᠷᠤᠮᠠᠯᠯᠠᠨ ᠲᠠᠷᠬᠠᠭ᠋ᠠᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠬᠣᠪᠣᠷ ᠰᠢᠷᠣᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠪᠠ
ᠨᠡᠶ᠋ᠢᠲᠡᠯᠡᠭᠰᠡᠨ ᠴᠠᠭ᠄ 2024-12-31


    ᠬᠣᠪᠣᠷ ᠰᠢᠷᠣᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠣᠬᠢᠶᠠᠨ ᠪᠠᠢ᠌ᠭᠤᠯᠤᠯᠲᠠ ᠵᠢᠨ ᠲᠣᠭᠲᠠᠴᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠡᠷᠴᠢᠮ᠎ᠢ ᠴᠢᠩᠭ᠋ᠠᠷᠠᠭᠤᠯᠤᠨ᠂ ᠬᠡᠷᠡᠭᠯᠡᠭᠡᠨ᠎ᠤ ᠬᠦᠷᠢᠶ᠎ᠡ ᠵᠢ ᠥᠷᠭᠡᠳᠬᠡᠵᠦ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 18 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠨᠡᠢ᠌ᠲᠡᠯᠡᠨ᠂ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ 《ᠬᠣᠶᠠᠷ ᠬᠣᠪᠣᠷ ᠰᠢᠷᠣᠶ ᠵᠢᠨ ᠰᠠᠭᠤᠷᠢᠨ ᠭᠠᠵᠠᠷ》᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠬᠣᠪᠣᠷ ᠰᠢᠷᠣᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ᠎ᠳᠤ ᠦᠵᠡᠭᠦᠯᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠤᠯᠭ᠋ᠠᠭᠤᠷᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃
  《ᠲᠥᠰᠦᠯ》᠎ᠳᠤ ᠳᠤᠷᠠᠳᠤᠭᠰᠠᠨ᠎ᠨᠢ᠂ 2027 ᠣᠨ ᠪᠣᠯᠲᠠᠯ᠎ᠠ᠂ ᠪᠥᠬᠥ ᠣᠷᠣᠨ᠎ᠤ ᠬᠣᠪᠣᠷ ᠰᠢᠷᠣᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠲᠣᠭᠲᠠᠴᠠ ᠨᠠᠩ ᠲᠡᠭᠦᠯᠳᠡᠷᠵᠢᠭᠦᠯᠵᠦ᠂ ᠥᠨᠳᠥᠷ ᠡᠨᠧᠷᠭᠢ ᠵᠢᠨ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠤᠨ ᠬᠠᠮᠵᠢᠯᠴᠠᠨ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠷᠠᠭᠤᠯᠤᠨ᠂ ᠬᠣᠪᠣᠷ ᠰᠢᠷᠣᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠨᠥᠯᠥᠭᠡᠯᠡᠬᠦ ᠬᠦᠴᠦᠨ ᠪᠦᠲᠦᠮᠵᠢᠲᠡᠶ ᠳᠡᠭᠡᠭᠰᠢᠯᠡᠭᠦᠯᠵᠦ᠂ ᠬᠣᠪᠣᠷ ᠰᠢᠷᠣᠶ ᠵᠢ ᠰᠤᠳᠤᠯᠤᠨ ᠨᠡᠭᠡᠭᠡᠵᠦ ᠬᠡᠷᠡᠭᠯᠡᠬᠦ ᠬᠦᠷᠢᠶ᠎ᠡ ᠵᠢ ᠤᠯᠠᠮ ᠨᠢᠭᠡ ᠠᠯᠬᠤᠮ ᠦᠷᠭᠡᠳᠬᠡᠵᠦ᠂ ᠮᠠᠨ᠎ᠤ ᠤᠯᠤᠰ᠎ᠤᠨ ᠡᠬᠢ ᠪᠠᠶᠠᠯᠢᠭ᠎ᠤᠨ ᠣᠨᠴᠠᠯᠢᠭ ᠪᠠ ᠣᠷᠣᠢ᠌ᠯᠠᠭᠰᠠᠨ ᠮᠡᠷᠭᠡᠵᠢᠯ᠎ᠳᠤ ᠪᠠᠴᠢᠮ ᠬᠡᠷᠡᠭᠴᠡᠭᠡ᠎ᠲᠠᠢ ᠬᠣᠪᠣᠷ ᠰᠢᠷᠣᠶ ᠵᠢᠨ ᠰᠣᠷᠢᠨᠵᠢᠨ ᠴᠢᠨᠠᠷ᠂ ᠲᠦᠷᠭᠡᠳᠬᠡᠬᠦ᠂ ᠭᠡᠷᠡᠯ᠎ᠤᠨ ᠴᠢᠳᠠᠪᠤᠷᠢ᠂ ᠤᠰᠤᠲᠥ᠋ᠷᠥᠭᠴᠢ ᠬᠠᠳᠠᠭ᠋ᠠᠯᠠᠬᠤ ᠪᠠ ᠴᠤᠯᠤ ᠬᠣᠪᠣᠷ ᠰᠢᠷᠣᠶ ᠵᠡᠷᠭᠡ ᠰᠢᠨ᠎ᠡ ᠮᠠᠲ᠋ᠧᠷᠢᠶᠠᠯ᠎ᠢ ᠨᠡᠭᠡᠭᠡᠵᠦ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ ᠵᠡᠷᠭᠡ ᠰᠢᠨ᠎ᠡ ᠬᠡᠷᠡᠭᠯᠡᠭᠡᠨ᠎ᠤ ᠬᠦᠷᠢᠶ᠎ᠡ ᠴᠠᠷᠠᠭ᠎ᠠ᠎ᠳᠤ 30᠎ᠠᠴᠠ ᠳᠡᠭᠡᠭᠰᠢ ᠴᠢᠬᠤᠯᠠ ᠰᠢᠨ᠎ᠡ ᠡᠭᠦᠳᠦᠯᠲᠡ ᠵᠢᠨ ᠦᠷ᠎ᠡ ᠪᠦᠲᠦᠭᠡᠯ᠎ᠢ ᠪᠤᠢ ᠪᠣᠯᠭ᠋ᠠᠵᠤ᠂ 《ᠪᠣᠭᠣᠮᠢ》 ᠮᠡᠷᠭᠡᠵᠢᠯ᠎ᠢ 10 ᠵᠦᠢ᠍ᠯ᠎ᠠᠴᠠ ᠳᠡᠭᠡᠭᠰᠢ ᠰᠢᠪᠲᠤᠯᠤᠨ᠂ ᠮᠠᠨ᠎ᠤ ᠤᠯᠤᠰ᠎ᠤᠨ ᠬᠣᠪᠣᠷ ᠰᠢᠷᠣᠶ ᠵᠢᠨ ᠠᠵᠤ ᠦᠢᠯᠡᠰ᠎ᠤᠨ ᠡᠬᠢ ᠪᠠᠶᠠᠯᠢᠭ᠎ᠤᠨ ᠳᠠᠪᠠᠭᠤᠯᠢᠭ᠎ᠠᠴᠠ ᠮᠡᠷᠭᠡᠵᠢᠯ ᠪᠣᠯᠤᠨ ᠠᠵᠤ ᠦᠢᠯᠡᠰ᠎ᠤᠨ ᠳᠠᠪᠠᠭᠤᠯᠢᠭ ᠲᠡᠰᠢ ᠬᠤᠪᠢᠷᠠᠭᠤᠯᠬᠤ ᠵᠢ ᠠᠬᠢᠭᠤᠯᠤᠨ᠎ᠠ᠃
  《ᠬᠡᠷᠡᠭᠵᠢᠭᠦᠯᠬᠦ ᠲᠥᠰᠦᠯ》᠎ᠳᠤ᠂ ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠰᠢᠨ᠎ᠡ ᠬᠡᠯᠪᠡᠷᠢ ᠵᠢᠨ ᠲᠣᠭᠲᠠᠴᠠ ᠵᠢ ᠪᠦᠷᠢᠨᠰᠢᠭᠦᠯᠦᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠤᠨ ᠬᠣᠪᠣᠷ ᠰᠢᠷᠣᠶ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠭᠦᠷᠭᠡ ᠵᠢ ᠦᠷᠭᠦᠯᠵᠢᠯᠡᠨ ᠪᠠᠢ᠌ᠷᠢᠯᠠᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈115〉 ᠵᠢᠨ ᠬᠣᠪᠣᠷ ᠰᠢᠷᠣᠶ ᠵᠢᠨ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠯᠥᠪᠵᠢᠭᠦᠯᠭᠡ》 ᠵᠢ ᠨᠠᠢ᠌ᠷᠠᠭᠤᠯᠤᠨ ᠵᠣᠬᠢᠶᠠᠵᠤ ᠬᠣᠪᠣᠷ ᠰᠢᠷᠣᠶ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠴᠢᠭᠯᠡᠯ ᠪᠠ ᠱᠤᠭᠤᠮ᠎ᠢ ᠲᠣᠳᠣᠷᠬᠠᠢ᠌ᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠪᠣᠷ ᠰᠢᠷᠣᠶ ᠵᠢᠨ ᠠᠵᠤ ᠦᠢᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠤᠨ᠎ᠠ᠃ ᠪᠤᠭᠤᠲᠤ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠣᠪᠣᠷ ᠰᠢᠷᠣᠶ ᠵᠢᠨ ᠠᠵᠤ ᠦᠢᠯᠡᠰ᠎ᠤᠨ ᠬᠠᠮᠵᠢᠯᠴᠠᠨ ᠰᠢᠨ᠎ᠡ ᠵᠢ ᠡᠭᠦᠳᠬᠦ ᠲᠣᠤᠷ ᠰᠦᠯᠵᠢᠶ᠎ᠡ ᠵᠢ ᠲᠦᠷᠦᠭᠦᠯᠡᠨ ᠬᠠᠮᠲᠤᠷᠠᠨ ᠪᠠᠢ᠌ᠭᠤᠯᠬᠤ ᠵᠢ ᠳᠡᠮᠵᠢᠨ᠎ᠡ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠯᠠᠪᠯᠠᠯᠭ᠎ᠠ ᠵᠢᠨ ᠺᠣᠮᠢᠰ᠎ᠤᠨ ᠭᠡᠰᠢᠭᠦᠨ ᠵᠶ᠋ᠡᠷ ᠲᠦᠷᠦᠭᠦᠯᠡᠭᠦᠯᠦᠨ᠂ ᠬᠣᠪᠣᠷ ᠰᠢᠷᠣᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠯᠳᠤᠬᠤ ᠪᠣᠳᠣᠯᠭ᠎ᠠ ᠵᠢᠨ ᠯᠠᠪᠯᠠᠯᠭ᠎ᠠ ᠵᠢᠨ ᠲᠣᠭᠲᠠᠴᠠ ᠵᠢ ᠪᠠᠢ᠌ᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠰᠢᠨᠵᠢᠯᠡᠬᠦ ᠤᠬᠠᠭ᠋ᠠᠨᠴᠢᠯᠠᠬᠤ ᠬᠢᠷᠢ ᠬᠡᠮᠵᠢᠶ᠎ᠡ ᠵᠢ   ᠳᠡᠭᠡᠭᠰᠢᠯᠡᠭᠦᠯᠦᠨ᠎ᠡ᠃
 《ᠬᠡᠷᠡᠭᠵᠢᠭᠦᠯᠬᠦ ᠲᠥᠰᠦᠯ》᠎ᠳᠤ᠂ ᠪᠥᠬᠥ ᠣᠷᠣᠨ᠎ᠤ ᠬᠣᠪᠣᠷ ᠰᠢᠷᠣᠶ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠬᠣᠪᠣᠷ ᠰᠢᠷᠣᠶ ᠵᠢᠨ ᠠᠵᠤ ᠦᠢᠯᠡᠰ᠎ᠤᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠤᠨ ᠬᠡᠷᠡᠭᠯᠡᠬᠦ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠷᠢᠰᠢᠭᠤᠯᠤᠯᠲᠠ ᠳᠤᠮᠳᠠᠬᠢ ᠬᠦᠴᠢᠷ ᠠᠰᠠᠭᠤᠳᠠᠯ᠎ᠢ ᠰᠤᠳᠤᠯᠤᠨ ᠰᠢᠢᠳᠪᠦᠷᠢᠯᠡᠬᠦ ᠵᠢ ᠠᠬᠢᠭᠤᠯᠵᠤ᠂ ᠬᠣᠪᠣᠷ ᠰᠢᠷᠣᠶ ᠵᠢᠨ ᠬᠦᠷᠢᠶᠡᠨ᠎ᠳᠠᠬᠢ ᠭᠣᠤᠯᠳᠠᠯᠭ᠎ᠠ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠪᠠᠢ᠌ᠷᠢᠯᠠᠭᠤᠯᠵᠤ᠂ ᠪᠥᠬᠥ ᠣᠷᠣᠨ᠎ᠤ ᠬᠣᠪᠣᠷ ᠰᠢᠷᠣᠶ ᠵᠢᠨ ᠰᠢᠨ᠎ᠡ ᠵᠢ ᠡᠭᠦᠳᠬᠦ 《ᠨᠢᠭᠡ ᠬᠥᠯᠭᠡ ᠰᠢᠲᠠᠷ᠎ᠠ》 ᠵᠢᠨ ᠪᠠᠢ᠌ᠷᠢᠰᠢᠯ᠎ᠢ ᠪᠠᠢ᠌ᠭᠤᠯᠤᠨ᠎ᠠ᠃ ᠪᠠᠲᠤᠯᠠᠭ᠎ᠠ ᠵᠢᠨ ᠵᠠᠷᠤᠳᠠᠯ᠎ᠤᠨ ᠣᠷᠣᠭᠤᠯᠤᠯᠲᠠ ᠵᠢ ᠴᠢᠩᠭ᠋ᠠᠳᠬᠠᠵᠤ᠂ ᠳᠡᠭᠡᠳᠦ ᠲᠡᠰ᠎ᠤᠨ ᠴᠢᠳᠠᠪᠤᠷᠢᠲᠠᠨ᠎ᠢ ᠲᠦᠷᠭᠡᠨ ᠬᠥᠮᠦᠵᠢᠭᠦᠯᠵᠦ᠂ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠲᠦᠯᠦᠨ ᠳᠠᠭ᠋ᠠᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠢᠷᠤᠭᠲᠤ ᠲᠠᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠵᠤ ᠠᠳᠠᠯ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ》
ᠵᠢᠷᠤᠭᠲᠤ ᠲᠠᠶ᠋ᠢᠯᠤᠮᠵᠢ᠄ 《ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠤᠯᠲᠠ ᠵᠢ ᠠᠬᠢᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠲᠦᠷᠢᠮ》
ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠳᠤ ᠶᠠᠮᠠᠷ ᠶᠠᠮᠠᠷ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠪᠠᠢ᠍ᠬᠤ ᠪᠣᠶ᠂ ᠣᠷᠣᠨ ᠨᠤᠲᠤᠭ᠎ᠤᠨ ᠴᠢᠨᠠᠷᠲᠠᠶ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠲᠥᠷᠥ ᠵᠢᠨ ᠪᠤᠲᠤᠯᠭ᠎ᠠ ᠵᠢ ᠳᠠᠪᠬᠤᠴᠠᠭᠤᠯᠤᠨ ᠡᠳ᠋ᠯᠡᠵᠦ ᠪᠣᠯᠬᠤ ᠡᠰᠡᠬᠦ
《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
 
            
Baidu
map