ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠵᠢ ᠣᠯᠭᠣᠵᠤ᠂ ᠤᠯᠠᠷᠢᠭᠤᠯᠬᠤ ᠬᠦᠴᠢᠷ ᠠᠰᠠᠭᠤᠳᠠᠯ᠎ᠢ ᠰᠢᠶᠳᠪᠦᠷᠢᠯᠡᠵᠦ ᠴᠢᠳᠠᠬᠤ ᠡᠰᠡᠬᠦ
ᠨᠡᠶ᠋ᠢᠲᠡᠯᠡᠭᠰᠡᠨ ᠴᠠᠭ᠄ 2019-10-22

ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠵᠢ ᠣᠯᠭᠣᠵᠤ᠂ ᠤᠯᠠᠷᠢᠭᠤᠯᠬᠤ ᠬᠦᠴᠢᠷ ᠠᠰᠠᠭᠤᠳᠠᠯ᠎ᠢ ᠰᠢᠶᠳᠪᠦᠷᠢᠯᠡᠵᠦ ᠴᠢᠳᠠᠬᠤ ᠡᠰᠡᠬᠦ
    ᠲᠦᠷᠦᠭᠦᠬᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠵᠡᠷᠭᠡ 6 ᠰᠠᠯᠠᠭ᠎ᠠ ᠮᠥᠴᠢᠷ 《ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠳᠦᠷᠢᠮ᠎ᠳᠤ ᠥᠭᠡᠷᠡᠴᠢᠯᠡᠯᠲᠡ ᠬᠢᠬᠦ ᠬᠡᠷᠡᠭᠲᠡᠶ ᠭᠡᠵᠦ ᠲᠣᠳᠣᠷᠬᠠᠶ᠋ᠢᠯᠠᠪᠠ᠃ ᠪᠣᠳᠠᠲᠠᠶ᠎ᠪᠠᠷ ᠬᠡᠯᠡᠪᠡᠯ᠂ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠳ᠋ ᠬᠥᠷᠥᠩᠭᠡ ᠵᠢ ᠦᠨᠡᠯᠡᠨ ᠵᠢᠱ᠌ᠢᠬᠦ᠂ ᠳᠠᠩᠰᠠᠯᠠᠵᠤ ᠬᠠᠮᠢᠶᠠᠷᠬᠤ ᠵᠢᠷᠤᠮ᠎ᠢ ᠬᠦᠴᠦᠨ ᠦᠭᠡᠢ ᠪᠣᠯᠭ᠋ᠠᠨ᠎ᠠ᠃
    ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠡᠨ ᠦᠨ᠎ᠡ ᠲᠣᠭᠲᠠᠭ᠋ᠠᠬᠤ ᠪᠣᠶ?
   3 ᠰᠠᠷ᠎ᠠ ᠵᠢᠨ ᠡᠴᠦᠰ᠎ᠲᠤ ᠡᠳ᠋᠎ᠤᠨ ᠵᠠᠰᠠᠭ᠎ᠤᠨ ᠶᠠᠮᠤᠨ᠎ᠤ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠠᠵᠢᠯ ᠦᠢ᠍ᠯᠡᠰ᠎ᠤᠨ ᠨᠢᠭᠡᠴᠡ ᠵᠢᠨ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠦᠨᠳᠦᠰᠦᠯᠡᠪᠡᠯ᠂ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠥᠭᠬᠦ ᠪᠠ ᠬᠤᠪᠢ ᠣᠷᠣᠭᠤᠯᠬᠤ ᠣᠶ᠋ᠢᠶ᠎ᠠ᠎ᠳᠤ ᠭᠤᠷᠪᠠᠳᠠᠬᠢ ᠡᠲᠡᠭᠡᠳ᠎ᠢ ᠦᠨᠡᠯᠡᠨ ᠵᠢᠱ᠌ᠢᠬᠦ᠎ᠪᠠᠷ ᠠᠯᠪᠠᠲᠠᠨ ᠱᠠᠭ᠋ᠠᠷᠳᠠᠬᠤ ᠦᠭᠡᠢ ᠪᠠᠶ᠋ᠢᠵᠤ᠂ ᠦᠨᠡᠯᠡᠨ ᠵᠢᠱ᠌ᠢᠬᠦ ᠴᠢᠬᠤᠯᠠᠲᠠᠶ ᠡᠰᠡᠬᠦ ᠵᠢ ᠲᠣᠭᠲᠠᠭ᠋ᠠᠬᠤ ᠡᠷᠬᠡ ᠵᠢ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠳᠣᠷᠣᠭᠰᠢ ᠪᠠᠭᠤᠯᠭ᠋ᠠᠨ᠎ᠠ᠃
    ᠰᠢ ᠠᠨ᠎ᠤ ᠵᠦᠩ ᠺᠸ ᠭᠤᠸᠠᠩ ᠮᠠᠰᠢᠨ ᠪᠡᠯᠡ ᠣᠷᠣᠭᠤᠯᠵᠤ ᠰᠲ᠋ᠣᠺ ᠡᠵᠡᠮᠳᠡᠭᠰᠡᠨ ᠬᠢᠵᠠᠭ᠋ᠠᠷᠲᠤ ᠺᠣᠮᠫᠠᠨᠢ ᠵᠢᠨ ᠳᠡᠭᠡᠰᠦ ᠵᠡᠷᠭᠡ ᠵᠢᠨ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢᠨ ᠳᠠᠭ᠋ᠠᠭ᠋ᠠᠮᠠᠯ ᠵᠠᠩ ᠶᠠᠨ᠂ ᠤᠯᠤᠰ᠎ᠠᠴᠠ ᠪᠠᠶ᠋ᠢᠭᠤᠯᠤᠭᠰᠠᠨ ᠰᠤᠳᠤᠯᠤᠨ ᠨᠡᠭᠡᠭᠡᠬᠦ ᠪᠠᠢ᠍ᠭᠤᠯᠤᠮᠵᠢ᠂ ᠶᠡᠬᠡ ᠳᠡᠭᠡᠰᠦ ᠰᠤᠷᠭ᠋ᠠᠭᠤᠯᠢ ᠥᠪᠡᠷ᠎ᠤᠨ ᠡᠵᠡᠮᠰᠢᠵᠦ ᠪᠠᠶᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠶ᠋ᠠᠨ ᠰᠢᠯᠵᠢᠭᠦᠯᠦᠨ ᠥᠭᠬᠦ᠂ ᠵᠥᠪᠰᠢᠶᠡᠷᠡᠬᠦ ᠪᠤᠶᠤ ᠪᠡᠯᠡ ᠣᠷᠣᠭᠤᠯᠵᠤ ᠤᠯᠤᠰ᠎ᠠᠴᠠ ᠥᠮᠴᠢᠯᠡᠯ᠎ᠤᠨ ᠪᠦᠬᠦ ᠪᠡᠯᠡ᠎ᠳᠤ ᠠᠵᠤ ᠠᠬᠤᠶ᠋ᠢᠯᠠ᠎ᠳᠤ ᠪᠡᠯᠡ ᠣᠷᠣᠭᠤᠯᠤᠭᠰᠠᠨ ᠪᠠᠶᠪᠠᠯ᠂ ᠡᠳ᠋ ᠬᠥᠷᠥᠩᠭᠡ ᠵᠢᠨ ᠦᠨᠡᠯᠡᠯᠲᠡ ᠬᠢᠬᠦ ᠦᠭᠡᠢ ᠪᠠᠶ᠋ᠢᠵᠤ ᠪᠣᠯᠤᠨ᠎ᠠ ᠭᠡᠵᠦ ᠲᠣᠳᠣᠷᠬᠠᠶ᠋ᠢᠯᠠᠪᠠ; ᠪᠦᠬᠦ ᠪᠡᠯᠡ ᠣᠷᠣᠭᠤᠯᠤᠭᠰᠠᠨ ᠠᠵᠤ ᠠᠬᠤᠶ᠋ᠢᠯᠠ᠎ᠳᠤ ᠰᠢᠯᠵᠢᠭᠦᠯᠦᠨ ᠥᠭᠬᠦ᠂ ᠵᠥᠪᠰᠢᠶᠡᠷᠡᠬᠦ ᠪᠤᠶᠤ ᠪᠡᠯᠡ ᠣᠷᠣᠭᠤᠯᠵᠤ ᠥᠭᠭᠦᠭᠰᠡᠨ ᠪᠠᠶᠪᠠᠯ᠂ ᠡᠳ᠋ ᠬᠥᠷᠥᠩᠭᠡ ᠵᠢᠨ ᠦᠨᠡᠯᠡᠨ ᠵᠢᠱ᠌ᠢᠯᠲᠡ ᠬᠢᠬᠦ ᠡᠰᠡᠬᠦ ᠵᠢ ᠨᠢᠭᠡᠴᠡ᠎ᠨᠢ ᠡᠵᠡᠨ ᠮᠡᠳᠡᠵᠦ ᠲᠣᠭᠲᠠᠭ᠋ᠠᠨ᠎ᠠ᠃
    ᠵᠠᠩ ᠶᠠᠨ ᠣᠢ᠍ᠷ᠎ᠠ᠎ᠳᠤ ᠪᠠᠶ᠋ᠢᠴᠠᠭ᠋ᠠᠨ ᠰᠤᠳᠤᠯᠤᠯᠲᠠ ᠬᠢᠭᠡᠳ ᠣᠯᠵᠤ ᠮᠡᠳᠡᠭᠰᠡᠨ᠎ᠨᠢ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠳ᠋ ᠬᠥᠷᠥᠩᠭᠡ ᠵᠢ ᠦᠨᠡᠯᠡᠨ ᠵᠢᠱ᠌ᠢᠬᠦ᠂ ᠳᠠᠩᠰᠠᠯᠠᠨ ᠬᠠᠮᠢᠶᠠᠷᠬᠤ ᠵᠢᠷᠤᠮ᠎ᠢ ᠬᠦᠴᠦᠨ ᠥᠬᠡᠶ ᠪᠣᠯᠭ᠋ᠠᠵᠤ᠂ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠢ ᠦᠨᠡᠬᠡᠷ ᠨᠠᠩ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠵᠡᠨ ᠮᠡᠳᠡᠬᠦ ᠡᠷᠬᠡ᠎ᠲᠠᠢ ᠪᠣᠯᠭ᠋ᠠᠭᠰᠠᠨ ᠪᠠᠢ᠍ᠨ᠎ᠠ᠂ ᠭᠡᠪᠡᠴᠦ ᠡᠷᠬᠡ ᠵᠢ ᠳᠣᠷᠣᠭᠰᠢ ᠪᠠᠭᠤᠯᠭ᠋ᠠᠭᠰᠠᠨ᠎ᠤ ᠳᠠᠷᠠᠭ᠎ᠠ ᠬᠠᠷᠢᠭᠤᠴᠠᠯᠭ᠎ᠠ ᠨᠡᠬᠡᠮᠵᠢᠯᠡᠬᠦ ᠵᠦᠶᠯ ᠵᠤᠷᠪᠤᠰ ᠨᠡᠮᠡᠭᠰᠡᠨ ᠪᠣᠯᠬᠣᠷ ᠬᠡᠰᠡᠭ ᠨᠢᠭᠡᠴᠡ ᠬᠠᠷᠢᠨ ᠨᠠᠩ ᠪᠣᠯᠭᠣᠮᠵᠢᠲᠠᠶ ᠪᠣᠯᠤᠭᠰᠠᠨ ᠪᠠᠢ᠍ᠨ᠎ᠠ᠃
   《ᠵᠠᠷᠢᠮ ᠳᠡᠭᠡᠰᠦ ᠰᠤᠷᠭ᠋ᠠᠭᠤᠯᠢ᠎ᠨᠢ ᠵᠥᠪᠰᠢᠶᠡᠷᠡᠬᠦ᠂ ᠰᠢᠯᠵᠢᠭᠦᠯᠦᠨ ᠥᠭᠬᠦ ᠣᠶ᠋ᠢᠶ᠎ᠠ᠎ᠳᠤ ᠦᠨᠡᠯᠡᠨ ᠵᠢᠱ᠌ᠢᠬᠦ᠎ᠪᠠᠷ ᠳᠠᠮᠵᠢᠭᠤᠯᠤᠨ ᠦᠨ᠎ᠡ ᠲᠣᠭᠲᠠᠭ᠋ᠠᠬᠤ ᠦᠨᠳᠦᠰᠦᠯᠡᠯ ᠪᠣᠯᠭ᠋ᠠᠬᠤ ᠵᠢ ᠪᠠᠭᠲᠠᠭ᠋ᠠᠭᠰᠠᠨ ᠡᠳ᠋ ᠬᠥᠷᠥᠩᠭᠡ ᠵᠢ ᠦᠨᠡᠯᠡᠨ ᠵᠢᠱ᠌ᠢᠬᠦ ᠵᠢ ᠮᠥᠨ ᠬᠦ᠌ ᠱᠠᠭ᠋ᠠᠷᠳᠠᠵᠤ ᠪᠠᠢ᠍ᠨ᠎ᠠ᠃》 ᠵᠠᠩ ᠶᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ ᠪᠣᠳᠠᠲᠠᠶ ᠪᠡᠶ᠎ᠡ ᠵᠢᠨ ᠲᠠᠮᠢᠷ᠎ᠤᠨ ᠳᠡᠰ ᠳᠠᠪᠬᠤᠷᠭ᠎ᠠ᠎ᠠᠴᠠ ᠪᠣᠯᠵᠤ᠂ ᠬᠤᠪᠢ ᠣᠷᠣᠭᠤᠯᠤᠨ ᠺᠣᠮᠫᠠᠨᠢ ᠪᠠᠶ᠋ᠢᠭᠤᠯᠬᠤ ᠳᠠᠩᠰᠠᠯᠠᠯ᠎ᠤᠨ ᠭᠣᠭᠴᠣᠭ᠎ᠠ᠎ᠠᠴᠠ ᠭᠠᠳᠠᠨ᠎ᠠ᠂ ᠵᠠᠷᠢᠮ ᠭᠠᠵᠠᠷ ᠣᠷᠣᠨ᠎ᠤ ᠦᠶᠯᠡᠳᠪᠦᠷᠢ ᠬᠤᠳᠠᠯᠳᠤᠭ᠋ᠠᠨ᠎ᠤ ᠰᠠᠯᠠᠭ᠎ᠠ ᠮᠥᠴᠢᠷ᠎ᠨᠢ ᠵᠣᠭᠣᠰ ᠪᠤᠰᠤ ᠡᠳ᠋ ᠬᠥᠷᠥᠩᠭᠡ ᠵᠢᠨ ᠪᠠᠯᠠ ᠣᠷᠣᠭᠤᠯᠤᠯᠲᠠ᠎ᠳᠤ ᠮᠥᠨ ᠯᠠ ᠡᠳ᠋ ᠬᠥᠷᠥᠩᠭᠡ ᠵᠢ ᠦᠨᠡᠯᠡᠨ ᠵᠢᠱ᠌ᠢᠭᠰᠡᠨ ᠮᠡᠳᠡᠭᠦᠯᠦᠯᠲᠡ ᠬᠠᠩᠭ᠋ᠠᠬᠤ ᠵᠢ ᠱᠠᠭ᠋ᠠᠷᠳᠠᠵᠤ ᠪᠠᠢ᠍ᠨ᠎ᠠ ᠭᠡᠵᠡᠶ᠃
    ᠨᠠᠩ ᠴᠢᠬᠤᠯᠠ ᠰᠢᠯᠲᠠᠭ᠋ᠠᠨ᠎ᠨᠢ ᠭᠡᠪᠡᠯ᠂ 《ᠠᠵᠢᠯ ᠦᠢ᠍ᠯᠡᠰ᠎ᠤᠨ ᠨᠢᠭᠡᠴᠢ ᠵᠢᠨ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》᠎ᠳᠤ ᠬᠠᠷᠢᠭᠤᠴᠠᠯᠭ᠎ᠠ ᠨᠡᠬᠡᠮᠵᠢᠯᠡᠬᠦ ᠨᠢᠭᠡ ᠵᠦᠶᠯ ᠵᠤᠷᠪᠤᠰ ᠰᠢᠨ᠎ᠡ᠎ᠪᠠᠷ ᠨᠡᠮᠡᠵᠡᠶ᠂ ᠲᠤᠬᠠᠶ᠋ᠢᠯᠠᠪᠠᠯ᠄ ᠰᠢᠭᠦᠬᠦ ᠬᠣᠷᠢᠶ᠎ᠠ᠂ ᠳᠠᠯᠳᠠᠭᠤᠷ ᠦᠶᠯᠡᠳᠬᠦ ᠵᠡᠷᠭᠡ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢ ᠰᠢᠶᠳᠪᠦᠷᠢᠯᠡᠬᠦ ᠠᠵᠢᠯ ᠦᠢ᠍ᠯᠡᠰ᠎ᠤᠨ ᠨᠢᠭᠡᠴᠢ ᠵᠢᠴᠢ ᠲᠡᠭᠦᠨ᠎ᠤ ᠠᠵᠢᠯᠲᠠᠨ᠎ᠢ 《ᠡᠳ᠋᠎ᠤᠨ ᠵᠠᠰᠠᠭ᠎ᠤᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠵᠦ ᠰᠢᠢ᠍ᠳᠬᠡᠬᠦ ᠳᠦᠷᠢᠮ》᠎ᠤᠨ ᠲᠣᠭᠲᠠᠭ᠋ᠠᠯ ᠢ ᠦᠨᠳᠦᠰᠦᠯᠡᠨ ᠰᠢᠢ᠍ᠳᠬᠡᠵᠦ᠂ ᠰᠢᠶᠳᠪᠦᠷᠢᠯᠡᠵᠦ᠂ ᠰᠢᠢ᠍ᠳᠬᠡᠵᠦ ᠪᠣᠯᠤᠨ᠎ᠠ᠃
    ᠡᠭᠦᠨ᠎ᠤ᠎ᠳᠤ ᠬᠠᠮᠲᠤ᠂ ᠰᠢᠶᠳᠪᠦᠷᠢᠲᠦ ᠪᠣᠳᠣᠯᠭ᠎ᠠ ᠲᠣᠭᠲᠠᠭ᠋ᠠᠭᠴᠢᠳ ᠰᠢᠯᠵᠢᠭᠦᠯᠦᠨ ᠥᠭᠬᠦ᠂ ᠵᠥᠪᠰᠢᠶᠡᠷᠡᠬᠦ᠂ ᠰᠢᠶᠳᠪᠦᠷᠢᠯᠡᠬᠦ ᠣᠶ᠋ᠢᠶ᠎ᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨ᠎ᠡ ᠥᠷᠳᠡᠭ ᠭᠧᠣᠮᠧᠲᠷᠢ ᠵᠢ ᠴᠦ᠍ ᠳᠣᠲᠣᠷ᠎ᠠ᠎ᠪᠠᠨ ᠲᠣᠭ᠎ᠠ ᠦᠭᠡᠢ ᠪᠠᠶ᠋ᠢᠪᠠ᠃ 《ᠠᠵᠢᠯ ᠲᠥᠷᠥᠯ᠎ᠤᠨ᠎ᠬᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠥᠷᠥᠯ᠎ᠤᠨ ᠳᠠᠯᠳᠠ ᠬᠥᠷᠥᠩᠭᠡ᠎ᠳᠤ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠤᠰᠬᠠᠶ ᠠᠷᠭ᠎ᠠ ᠵᠢ ᠲᠣᠭᠲᠠᠭ᠋ᠠᠵᠤ ᠥᠭᠬᠦ ᠵᠢ ᠬᠦᠰᠡᠵᠦ ᠪᠠᠶ᠋ᠢᠬᠤ᠎ᠠᠴᠠ ᠪᠢᠰᠢ᠂ ᠬᠠᠷᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠥᠷᠥᠯ᠎ᠤᠨ ᠳᠠᠯᠳᠠ ᠡᠳ᠋ ᠬᠥᠷᠥᠩᠭᠡ ᠵᠢ ᠢᠯᠡ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ᠎ᠪᠠᠷ ᠦᠵᠡᠵᠦ ᠬᠠᠮᠢᠶᠠᠷᠬᠤ ᠪᠢᠰᠢ᠃》 ᠵᠠᠩ ᠶᠠᠨ ᠰᠢᠭᠤᠳ ᠬᠡᠯᠡᠬᠦ᠎ᠳᠡᠭᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠶ᠋ᠠᠷ ᠬᠤᠪᠢ ᠣᠷᠣᠭᠤᠯᠤᠭᠰᠠᠨ᠎ᠤ ᠳᠠᠷᠠᠭ᠎ᠠ᠂ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠡᠳ᠋ ᠬᠥᠷᠥᠩᠭᠡ ᠵᠢᠨ ᠡᠵᠡᠩᠨᠡᠯᠲᠡ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠠᠪᠴᠤ ᠬᠡᠯᠡᠪᠡᠯ ᠥᠷᠲᠡᠭ ᠨᠡᠮᠡᠭᠳᠡᠯ᠎ᠤᠨ ᠡᠭᠦᠷᠭᠡ ᠲᠤᠯᠭ᠋ᠠᠷᠠᠵᠤ ᠪᠠᠢ᠍ᠨ᠎ᠠ᠂ ᠭᠡᠲᠡᠯ᠎ᠡ ᠳᠠᠯᠳᠠ ᠡᠳ᠋ ᠬᠥᠷᠥᠩᠭᠡ᠎ᠨᠢ ᠨᠢᠭᠡ ᠵᠦᠶᠯ᠎ᠤᠨ ᠣᠨᠴᠠᠭ᠋ᠠᠢ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠪᠣᠯᠤᠭᠰᠠᠨ᠎ᠤ ᠬᠤᠪᠢ᠎ᠳᠤ᠂ ᠦᠨᠡᠯᠡᠨ ᠵᠢᠱ᠌ᠢᠵᠦ ᠦᠨ᠎ᠡ ᠲᠣᠭᠲᠠᠭ᠋ᠠᠬᠤ᠎ᠳᠤ ᠬᠦᠴᠢᠷᠲᠡᠶ ᠪᠠᠶ᠋ᠢᠵᠤ᠂ ᠡᠳ᠋ ᠬᠥᠷᠥᠩᠭᠡ ᠵᠢᠨ ᠥᠷᠲᠡᠭ ᠨᠡᠮᠡᠭᠳᠡᠯ᠎ᠢ ᠨᠥᠯᠥᠭᠡᠯᠡᠬᠦ ᠬᠠᠮᠢᠶᠠᠷᠤᠯᠲᠠ ᠵᠢᠨ ᠪᠤᠰᠤ ᠬᠦᠴᠦᠨ ᠵᠦᠶᠯ ᠨᠡᠯᠢᠶᠡᠳ ᠣᠯᠠᠨ ᠪᠠᠶ᠋ᠢᠵᠤ᠂ ᠢᠯᠡ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠵᠠᠭᠪᠤᠷ ᠵᠶ᠋ᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠥᠷᠥᠯ᠎ᠤᠨ ᠳᠠᠯᠳᠠ ᠡᠳ᠋ ᠬᠥᠷᠥᠩᠭᠡ ᠵᠢ ᠬᠠᠮᠢᠶᠠᠷᠬᠤ᠎ᠨᠢ ᠰᠢᠨᠵᠢᠯᠡᠬᠦ ᠤᠬᠠᠭ᠋ᠠᠨᠴᠢ ᠪᠢᠰᠢ ᠶᠤᠮ ᠭᠡᠵᠡᠶ᠃
    ᠦᠨᠡᠯᠡᠨ ᠵᠢᠱ᠌ᠢᠬᠦ ᠪᠠ ᠳᠠᠩᠰᠠᠯᠠᠭᠤᠯᠬᠤ ᠵᠢ ᠬᠦᠴᠦᠨ ᠥᠬᠡᠶ ᠪᠣᠯᠭ᠋ᠠᠭᠰᠠᠨ᠎ᠤ ᠳᠠᠷᠠᠭ᠎ᠠ᠂ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢ ᠴᠤᠬᠤᠮ ᠬᠡᠨ ᠦᠨ᠎ᠡ ᠲᠣᠭᠲᠠᠭ᠋ᠠᠬᠤ ᠪᠣᠶ?
   《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠳ᠋ ᠬᠥᠷᠥᠩᠭᠡ ᠵᠢᠨ ᠥᠷᠲᠡᠭ᠎ᠨᠢ ᠴᠠᠭ ᠬᠤᠭᠤᠴᠠᠭ᠋ᠠᠨ᠎ᠤ ᠰᠢᠯᠵᠢᠯᠲᠡ᠂ ᠨᠡᠶ᠋ᠢᠭᠡᠮ᠎ᠤᠨ ᠬᠤᠪᠢᠷᠠᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠳᠠᠪᠰᠢᠯᠲᠠ ᠵᠢ ᠳᠠᠭ᠋ᠠᠯᠳᠤᠨ ᠬᠤᠪᠢᠷᠠᠵᠤ᠂ ᠶᠠᠮᠠᠷ ᠰᠢᠨᠵᠢ ᠴᠢᠨᠠᠷ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠪᠣᠯᠤᠭᠰᠠᠨ ᠴᠤ᠌ ᠲᠡᠷᠡ᠂ ᠡᠰᠡᠬᠦᠯ᠎ᠡ ᠮᠡᠷᠭᠡᠵᠢᠯ᠎ᠤᠨ ᠪᠤᠶᠤ ᠲᠠᠪᠴᠠᠩ᠎ᠳᠤ ᠲᠤᠰᠢᠶᠠᠵᠤ ᠦᠨᠡᠯᠡᠨ ᠵᠢᠱ᠌ᠢᠭᠦᠯᠵᠦ ᠦᠨ᠎ᠡ ᠲᠣᠭᠲᠠᠭ᠋ᠠᠯᠭ᠋ᠠᠬᠤ ᠬᠡᠷᠡᠭᠲᠡᠶ᠃》 ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠨᠡᠯᠡᠯᠲᠡ ᠬᠢᠭᠡᠳ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠰᠤᠳᠤᠯᠭ᠋ᠠᠨ᠎ᠤ ᠨᠡᠶ᠋ᠢᠭᠡᠮᠯᠢᠭ᠎ᠤᠨ ᠪᠠᠶ᠋ᠢᠩᠭᠤ ᠵᠢᠨ ᠬᠡᠷᠡᠭ ᠡᠷᠬᠢᠯᠡᠭᠴᠢ ᠸᠠᠩ ᠪᠢᠨ ᠬᠡᠯᠡᠬᠦ᠎ᠳᠡᠭᠡᠨ᠂ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ᠎ᠪᠠᠷ ᠵᠶ᠋ᠠᠨ ᠡᠷᠬᠡ ᠲᠡᠭᠰᠢ᠎ᠪᠠᠷ ᠦᠨ᠎ᠡ ᠬᠠᠶᠠᠯᠴᠠᠵᠤ᠂ ᠪᠡᠶ᠎ᠡ᠎ᠪᠠᠨ ᠳᠠᠭ᠋ᠠᠭ᠋ᠠᠵᠤ ᠠᠷᠠᠯᠵᠢᠶ᠎ᠠ ᠬᠢᠵᠦ ᠪᠣᠯᠤᠨ᠎ᠠ᠃ ᠬᠥᠭᠵᠢᠭᠰᠡᠨ᠎ᠨᠢ ᠤᠯᠤᠰ᠎ᠠᠴᠠ ᠮᠡᠳᠡᠷᠡᠭᠰᠡᠨ᠂ ᠬᠣᠯᠪᠣᠭᠳᠠᠯ ᠪᠦᠬᠦᠢ ᠪᠠᠶ᠋ᠢᠭᠤᠯᠤᠮᠵᠢ ᠵᠢᠨ ᠵᠥᠪᠰᠢᠶᠡᠷᠡᠭᠰᠡᠨ ᠵᠢᠷᠤᠮ᠎ᠲᠠᠢ ᠪᠠᠶ᠋ᠢᠵᠤ᠂ ᠠᠷᠠᠯᠵᠢᠶᠠᠨ᠎ᠤ ᠢᠯᠡ ᠲᠣᠳᠣ᠂ ᠲᠥᠪ ᠭᠣᠤᠯᠴᠢ ᠪᠠᠶ᠋ᠢᠬᠤ ᠵᠢ ᠪᠠᠲᠤᠯᠠᠵᠤ ᠴᠢᠳᠠᠨ᠎ᠠ᠂ ᠡᠨᠡ᠎ᠨᠢ ᠪᠠᠰᠠ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠣᠶ᠋ᠢᠰᠢᠳᠠ ᠵᠢᠨ ᠵᠣᠪᠠᠨᠢᠯ᠎ᠢ ᠠᠷᠢᠯᠭ᠋ᠠᠵᠠᠶ᠃
    ᠵᠠᠮ ᠬᠠᠶ᠋ᠢᠬᠤ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ
    《ᠰᠠᠨᠠᠯ》᠎ᠳᠤ ᠵᠢᠭ᠋ᠠᠵᠤ ᠭᠠᠷᠭ᠋ᠠᠭᠰᠠᠨ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠬᠤ ᠲᠤᠷᠰᠢᠯᠲᠠ ᠵᠢ ᠥᠷᠨᠢᠭᠦᠯᠵᠦ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠵᠢᠨ ᠬᠠᠷᠢᠶᠠᠯᠠᠯ᠎ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠎ᠳᠤ ᠠᠷᠭ᠎ᠠ ᠵᠠᠮ ᠰᠦᠪᠡᠭᠴᠢᠯᠡᠬᠦ ᠬᠡᠷᠡᠭᠲᠡᠶ᠃
   《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠬᠤ ᠲᠤᠷᠰᠢᠯᠲᠠ ᠵᠢ ᠥᠷᠨᠢᠭᠦᠯᠬᠦ᠎ᠨᠢ ᠵᠠᠮ ᠬᠠᠷᠢᠯᠴᠠᠭ᠋ᠠᠨ᠎ᠤ ᠶᠡᠬᠡ ᠬᠤᠷᠠᠯ᠎ᠠᠴᠠ ᠳᠤᠷᠠᠳᠤᠭᠰᠠᠨ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠣᠯᠢᠮᠠᠭ ᠥᠮᠴᠢᠯᠡᠯ᠎ᠠᠴᠠ ᠢᠷᠡᠯᠲᠡ᠎ᠲᠠᠢ ᠶᠤᠮ᠂ ᠪᠠᠭᠰᠢ ᠲᠤᠰᠬᠠᠶ ᠠᠰᠢᠭ ᠭᠤᠶᠤᠴᠢᠯᠠᠬᠤ ᠣᠶ᠋ᠢᠶ᠎ᠠ᠎ᠳᠤ᠂ ᠰᠤᠷᠭ᠋ᠠᠭᠤᠯᠢ᠎ᠯᠤᠭ᠎ᠠ ᠲᠤᠰᠬᠠᠶ ᠠᠰᠢᠭ᠎ᠤᠨ ᠡᠷᠬᠡᠲᠦ ᠬᠥᠮᠦᠨ ᠪᠣᠯᠵᠤ ᠪᠣᠯᠤᠨ᠎ᠠ᠃》 ᠵᠠᠩ ᠶᠠᠨ᠎ᠤ ᠦᠵᠡᠬᠦ᠎ᠪᠠᠷ᠂ ᠡᠨᠡ ᠬᠦ᠌ ᠠᠵᠢᠯᠯᠠᠭ᠎ᠠ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠢᠳᠡᠪᠬᠢᠵᠢᠯ᠎ᠢ ᠬᠥᠭᠵᠢᠭᠡᠬᠦ ᠵᠢᠨ ᠲᠥᠯᠥᠭᠡ ᠶᠤᠮ᠃ ᠭᠡᠪᠡᠴᠦ ᠣᠢ᠍ᠷ᠎ᠠ᠎ᠳᠤ ᠬᠣᠯᠪᠣᠭᠳᠠᠯ ᠪᠦᠬᠦᠢ ᠳᠡᠭᠡᠰᠦ ᠰᠤᠷᠭ᠋ᠠᠭᠤᠯᠢ ᠭᠠᠵᠠᠷ ᠪᠠ ᠳᠡᠭᠡᠰᠦ ᠰᠤᠷᠭ᠋ᠠᠭᠤᠯᠢ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠣᠶ᠋ᠢᠶ᠎ᠠ᠎ᠳᠤ᠂ ᠣᠯᠠᠨ ᠵᠶ᠋ᠠᠷ ᠵᠶ᠋ᠠᠨ ᠲᠣᠰ ᠠᠷᠭ᠎ᠠ ᠬᠢᠳᠡᠯ᠎ᠳᠤ ᠠᠳᠠᠯᠢ ᠪᠤᠰᠤ ᠰᠠᠨᠠᠯ᠎ᠲᠠᠢ ᠪᠠᠢ᠍ᠨ᠎ᠠ᠃
    ᠵᠠᠩ ᠶᠠᠨ᠂ ᠨᠢᠭᠡ ᠲᠠᠯ᠎ᠠ᠎ᠪᠠᠷ᠂ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠳᠤ ᠦᠵᠡᠭᠦᠯᠬᠦ ᠲᠥᠷᠥ ᠵᠢᠨ ᠪᠣᠳᠣᠯᠭ᠎ᠠ ᠵᠢᠨ ᠳᠡᠮᠵᠢᠯᠭᠡ ᠪᠠ ᠤᠷᠮᠠᠰᠢᠭᠤᠯᠤᠯ᠎ᠤᠨ ᠡᠷᠴᠢᠮ ᠨᠢᠭᠡᠨᠲᠡ ᠭᠦᠶᠴᠡᠳ ᠴᠢᠩᠭ᠎ᠠ ᠪᠣᠯᠵᠠᠶ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠬᠠᠤᠯᠢ》᠎ᠳᠤ᠂ ᠰᠢᠯᠵᠢᠭᠦᠯᠦᠨ ᠥᠭᠬᠦ ᠵᠥᠪᠰᠢᠶᠡᠷᠡᠯ᠎ᠳᠤ ᠪᠡᠯᠡᠨ ᠵᠣᠭᠣᠰ ᠣᠯᠤᠭᠰᠠᠨ ᠴᠤ᠌ ᠲᠡᠷᠡ᠂ ᠬᠤᠪᠢ ᠣᠷᠣᠭᠤᠯᠤᠭᠰᠠᠨ ᠴᠤ᠌ ᠲᠡᠷᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠬᠤᠪᠢᠷᠠᠭᠤᠯᠤᠯᠲᠠ ᠵᠢᠨ ᠴᠡᠪᠡᠷ ᠠᠰᠢᠭ ᠣᠷᠣᠯᠭ᠎ᠠ ᠵᠢᠨ 50 %᠎ᠠᠴᠠ ᠳᠣᠤᠷ᠎ᠠ ᠥᠬᠡᠶ ᠤᠷᠮᠠᠰᠢᠭᠤᠯᠤᠯ ᠬᠦᠷᠲᠡᠬᠦ ᠪᠣᠯᠤᠨ᠎ᠠ᠂ ᠮᠥᠨ ᠴᠦ᠍ ᠲᠡᠳᠡᠨ᠎ᠢ ᠲᠤᠰᠬᠠᠶ ᠠᠰᠢᠭ᠎ᠤᠨ ᠡᠷᠬᠡᠲᠦ ᠬᠥᠮᠦᠨ ᠪᠣᠯᠭ᠋ᠠᠬᠤ ᠴᠢᠬᠤᠯᠠ ᠥᠬᠡᠶ ᠪᠣᠯᠤᠨ᠎ᠠ ᠭᠡᠵᠦ ᠵᠢᠭ᠋ᠠᠵᠤ ᠭᠠᠷᠭ᠋ᠠᠪᠠ᠃
   《ᠡᠭᠦᠨ᠎ᠲᠠᠢ ᠬᠣᠯᠪᠣᠭᠳᠠᠬᠤ ᠨᠢᠭᠡ ᠠᠰᠠᠭᠤᠳᠠᠯ ᠪᠣᠯ᠂ ᠬᠡᠷᠪᠡ ᠨᠢᠭᠡ ᠲᠤᠰᠬᠠᠶ ᠠᠰᠢᠭ᠎ᠤᠨ ᠡᠷᠬᠡᠲᠦ ᠬᠥᠮᠦᠨ᠎ᠢ ᠬᠤᠪᠢᠷᠠᠭ᠋ᠠᠬᠤ᠎ᠳᠤ ᠬᠦᠷᠪᠡᠯ᠂ ᠦᠨᠡᠨ᠎ᠳᠡᠭᠡᠨ ᠰᠤᠷᠭ᠋ᠠᠭᠤᠯᠢ ᠵᠢᠨ ᠬᠠᠮᠢᠶᠠᠷᠤᠯᠲᠠ ᠵᠢᠨ ᠬᠦᠴᠢᠷᠳᠡᠯ ᠪᠠ ᠰᠢᠶᠳᠪᠦᠷᠢᠲᠦ ᠪᠣᠳᠣᠯᠭ᠎ᠠ ᠲᠣᠭᠲᠠᠭ᠋ᠠᠬᠤ ᠥᠪᠡᠷ᠎ᠤᠨ ᠥᠷᠲᠡᠭ ᠵᠢᠴᠢ ᠠᠵᠤ ᠠᠬᠤᠶ᠋ᠢᠯᠠᠯ ᠪᠣᠯᠤᠨ ᠰᠤᠷᠭ᠋ᠠᠭᠤᠯᠢ ᠵᠢᠨ ᠦᠶᠯᠡᠳᠪᠦᠷᠢᠯᠡᠬᠦ ᠵᠢᠭ᠋ᠠᠬᠤ ᠰᠤᠳᠤᠯᠬᠤ ᠬᠠᠮᠲᠤᠷᠠᠯᠴᠠᠭ᠎ᠠ ᠥᠷᠨᠢᠭᠦᠯᠬᠦ ᠪᠤᠳᠤᠯᠢᠶᠠᠨᠲᠤ ᠬᠡᠮᠵᠢᠶ᠎ᠡ ᠵᠢ ᠨᠡᠮᠡᠭᠳᠡᠭᠦᠯᠦᠨ᠎ᠡ᠃》 ᠵᠠᠩ ᠶᠠᠨ ᠲᠠᠶ᠋ᠢᠯᠪᠤᠷᠢᠯᠠᠬᠤ᠎ᠳᠠᠭᠠᠨ᠂ ᠣᠳᠣᠬᠢ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠬᠦᠴᠢᠷᠲᠡᠶ ᠪᠠᠶᠭ᠎ᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ ᠵᠢᠨ ᠲᠡᠩᠴᠡᠭᠦᠷᠢ᠎ᠪᠠᠨ ᠠᠯᠳᠠᠭᠰᠠᠨ ᠶᠠᠪᠤᠳᠠᠯ ᠪᠣᠯᠤᠨ᠎ᠠ᠂ ᠬᠠᠩᠭ᠋ᠠᠭᠰᠠᠨ ᠮᠡᠷᠭᠡᠵᠢᠯ ᠪᠠ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠵᠣᠯᠭ᠋ᠠᠭᠤᠯᠵᠤ ᠴᠢᠳᠠᠬᠤ ᠥᠬᠡᠶ᠃
    ᠡᠨᠡ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠤᠷᠳᠤ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠪᠠᠯ ᠰᠢᠶᠳᠪᠦᠷᠢᠯᠡᠵᠦ ᠳᠠᠢ᠍ᠯᠠᠬᠤ ᠠᠰᠠᠭᠤᠳᠠᠯ ᠪᠢᠰᠢ ᠭᠡᠳᠡᠭ᠎ᠨᠢ ᠢᠯᠡᠷᠬᠡᠶ ᠶᠤᠮ᠃ ᠵᠠᠩ ᠶᠠᠨ᠂ ᠪᠠᠰᠠ ᠤᠯᠤᠰ᠎ᠠᠴᠠ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠯ᠎ᠠ᠎ᠠᠴᠠ ᠭᠠᠷᠳᠠᠵᠤ ᠬᠢᠬᠦ ᠴᠢᠬᠤᠯᠠᠲᠠᠶ᠂ ᠵᠢᠱ᠌ᠢᠶᠡᠯᠡᠪᠡᠯ ᠵᠠᠷᠢᠮ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢᠨ ᠲᠤᠷᠰᠢᠯᠲᠠ ᠬᠢᠬᠦ᠂ ᠢᠨᠵᠤᠨᠤᠷᠢᠩᠵᠢᠬᠦᠯᠬᠦ ᠲᠠᠪᠴᠠᠩ ᠢ ᠪᠠᠶ᠋ᠢᠭᠤᠯᠬᠤ᠂ ᠮᠡᠷᠭᠡᠵᠢᠯ᠎ᠢ ᠰᠢᠯᠵᠢᠭᠦᠯᠬᠦ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ ᠪᠣᠯᠤᠨ᠎ᠠ᠃
    ᠸᠠᠩ ᠪᠢᠨ᠎ᠤ ᠦᠵᠡᠬᠦ᠎ᠪᠠᠷ᠂ ᠣᠳᠣᠬᠠᠨ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ 50 % — 90 % ᠵᠢᠨ ᠦᠷ᠎ᠡ ᠪᠦᠲᠦᠭᠡᠯ᠎ᠢ ᠣᠨᠳᠣᠤᠰᠢᠭᠤᠯᠤᠭᠰᠠᠨ ᠪᠡᠯᠡᠨ ᠵᠣᠭᠣᠰ᠎ᠤᠨ ᠱᠠᠩᠨᠠᠯ ᠪᠣᠯ ᠠᠵᠢᠯ ᠵᠢᠨ ᠳᠠᠷᠠᠭ᠋ᠠᠬᠢ ᠱᠠᠩᠨᠠᠯ ᠮᠥᠨ᠂ ᠬᠠᠷᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠭᠰᠠᠨ ᠪᠣᠯ ᠱᠠᠩᠨᠠᠯ ᠮᠥᠨ᠂ ᠡᠨᠡ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠱᠠᠩᠨᠠᠯ ᠬᠦᠷᠲᠡᠬᠦ ᠡᠷᠬᠡ ᠵᠢ ᠪᠠᠲᠤᠯᠠᠬᠤ᠎ᠳᠤ ᠠᠰᠢᠭᠲᠠᠢ ᠶᠤᠮ᠃ ᠤᠮᠳᠤᠭ᠋ᠠᠢ᠍ᠯᠠᠵᠤ ᠪᠣᠯᠤᠰᠢ ᠦᠭᠡᠢ ᠵᠦᠶᠯ ᠭᠡᠪᠡᠯ᠂ ᠲᠡᠷᠡ᠎ᠨᠢ 《ᠲᠤᠰᠬᠠᠶ ᠠᠰᠢᠭ᠎ᠤᠨ ᠬᠠᠤᠯᠢ》᠎ᠲᠠᠢ ᠵᠠᠷᠢᠮ ᠮᠥᠷᠭᠥᠯᠳᠦᠭᠡᠨ᠎ᠲᠠᠢ ᠪᠠᠶᠳᠠᠭ᠂ ᠬᠡᠷᠪᠡ ᠲᠤᠷᠰᠢᠯᠲᠠ ᠬᠢᠵᠦ ᠠᠮᠵᠢᠯᠲᠠ ᠣᠯᠬᠤ᠎ᠳᠤ ᠬᠦᠷᠪᠡᠯ᠂ ᠪᠠᠰᠠ ᠬᠠᠤᠯᠢ ᠴᠠᠭ᠋ᠠᠵᠠ ᠵᠢ ᠬᠡᠷᠬᠢᠨ ᠵᠣᠬᠢᠴᠠᠭᠤᠯᠬᠤ ᠪᠠ ᠲᠤᠷᠰᠢᠯᠲᠠ ᠬᠢᠬᠦ ᠠᠷᠭ᠎ᠠ ᠵᠢ ᠬᠡᠷᠡᠭᠵᠢᠭᠦᠯᠬᠦ ᠵᠢᠨ ᠬᠠᠷᠢᠴᠠᠭ᠎ᠠ ᠵᠢ ᠤᠯᠠᠮ ᠨᠢᠭᠡ ᠠᠯᠬᠤᠮ ᠰᠦᠪᠡᠭᠴᠢᠯᠡᠬᠦ ᠴᠢᠬᠤᠯᠠᠲᠠᠶ ᠶᠤᠮ᠃
   《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠵᠢ ᠣᠯᠭᠣᠭᠰᠠᠨ ᠠᠷᠭ᠎ᠠ ᠬᠢᠳᠡᠯ᠎ᠨᠢ ᠬᠡᠳᠦᠶ᠋ᠢᠪᠡᠷ ᠮᠠᠷᠭᠤᠭ᠋ᠠᠨ᠎ᠲᠠᠢ ᠪᠣᠯᠪᠠᠴᠤ ᠡᠨᠡ ᠠᠷᠭ᠎ᠠ ᠬᠢᠳᠡᠯ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠦᠨᠡᠬᠡᠷ ᠨᠠᠩ ᠣᠯᠠᠨ ᠡᠵᠡᠨ ᠮᠡᠳᠡᠬᠦ ᠡᠷᠬᠡ ᠣᠯᠭᠣᠭᠰᠠᠨ ᠪᠥᠭᠡᠳ ᠦᠷ᠎ᠡ ᠪᠦᠲᠦᠭᠡᠯ᠎ᠢ ᠬᠤᠪᠢᠷᠠᠭᠤᠯᠬᠤ ᠢᠳᠡᠪᠬᠢᠵᠢᠯ᠎ᠢ ᠴᠦ᠍ ᠬᠥᠭᠵᠢᠭᠡᠵᠦ ᠴᠢᠳᠠᠨ᠎ᠠ᠃》 ᠸᠠᠩ ᠪᠢᠨ ᠬᠡᠯᠡᠭᠰᠡᠨ᠎ᠨᠢ᠂ ᠣᠳᠣᠬᠠᠨ᠎ᠳᠤ ᠲᠤᠷᠰᠢᠯᠲᠠ ᠬᠢᠬᠦ ᠵᠢ ᠬᠠᠶ᠋ᠢᠨ ᠰᠦᠪᠡᠭᠴᠢᠯᠡᠵᠦ ᠪᠣᠯᠤᠨ᠎ᠠ᠂ ᠱᠠᠩᠨᠠᠯ ᠬᠥᠬᠢᠭᠦᠯᠦᠯ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠡᠳᠬᠢᠯ᠎ᠢ ᠲᠣᠭᠲᠠᠪᠤᠷᠢᠵᠢᠭᠤᠯᠵᠤ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠵᠢᠨ ᠬᠠᠷᠢᠶᠠᠯᠠᠯ᠎ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠎ᠳᠤ ᠵᠠᠮ ᠬᠠᠶ᠋ᠢᠨ ᠰᠦᠪᠡᠭᠴᠢᠯᠡᠵᠦ ᠪᠣᠯᠤᠨ᠎ᠠ᠃
    ᠡᠭᠦᠨ᠎ᠤ᠎ᠳᠤ ᠲᠤᠬᠠᠶ ᠵᠠᠩ ᠶᠠᠨ᠎ᠤ ᠦᠵᠡᠯᠲᠡ ᠨᠢᠭᠡᠳᠦᠯᠲᠡᠶ ᠪᠠᠶ᠋ᠢᠨ᠎ᠠ᠃ ᠲᠡᠷᠡ ᠬᠡᠯᠡᠬᠦ᠎ᠳᠡᠭᠡᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠵᠤ᠂ ᠤᠷᠢᠳᠠᠪᠠᠷ ᠲᠤᠷᠰᠢᠯᠲᠠ ᠬᠢᠭᠰᠡᠨ᠎ᠤ ᠳᠠᠷᠠᠭ᠎ᠠ ᠪᠥᠬᠥ ᠲᠠᠯ᠎ᠠ᠎ᠪᠠᠷ ᠳ᠋ᠦᠩᠨᠡᠬᠦ ᠵᠢ ᠰᠠᠨᠠᠭᠤᠯᠵᠤ ᠪᠠᠢ᠍ᠨ᠎ᠠ ᠭᠡᠵᠡᠶ᠃ ᠬᠡᠷᠪᠡ ᠲᠤᠷᠰᠢᠯᠲᠠ ᠵᠢᠨ ᠦᠷ᠎ᠡ ᠪᠦᠲᠦᠮᠵᠢ᠎ᠨᠢ ᠨᠡᠯᠢᠶᠡᠳ ᠰᠠᠶ᠋ᠢᠨ ᠪᠠᠶᠪᠠᠯ᠂ ᠬᠠᠮᠤᠭ ᠰᠠᠶ᠋ᠢᠨ᠎ᠨᠢ ᠡᠷᠬᠡ ᠣᠯᠭᠣᠭᠰᠠᠨ ᠬᠡᠯᠪᠡᠷᠢ ᠵᠢᠨ ᠬᠠᠭᠤᠯᠪᠤᠷᠢᠯᠠᠬᠤ ᠠᠷᠭ᠎ᠠ ᠵᠢ ᠬᠡᠷᠡᠭᠯᠡᠨ᠎ᠡ᠂ ᠬᠠᠷᠢᠨ ᠨᠢᠭᠡ ᠯᠡ ᠬᠢᠲᠤᠭ᠎ᠠ᠎ᠪᠠᠷ ᠬᠡᠷᠴᠢᠬᠦ ᠬᠡᠯᠪᠡᠷᠢ ᠵᠢᠨ ᠪᠦᠬᠦ ᠲᠠᠯ᠎ᠠ᠎ᠪᠠᠷ ᠬᠠᠭᠤᠯᠪᠤᠷᠢᠯᠠᠨ ᠳᠡᠯᠭᠡᠷᠡᠭᠦᠯᠬᠦ ᠠᠷᠭ᠎ᠠ ᠵᠢ ᠠᠪᠬᠤ ᠦᠭᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ 《ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠤᠨ ᠲᠤᠬᠠᠶ ᠲᠠᠶ᠋ᠢᠯᠤᠮᠵᠢ ᠬᠢᠪᠡ
ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠡᠨᠧᠷᠭᠢ ᠣᠯᠭᠣᠵᠤ ᠮᠥᠩᠭᠥᠨ ᠬᠦᠢ᠍ᠯᠬᠡᠬᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠳᠤ ᠲᠤᠯᠭ᠋ᠠᠷᠠᠵᠤ ᠪᠠᠶᠭ᠎ᠠ ᠳᠥᠷᠪᠡᠨ ᠠᠰᠠᠭᠤᠳᠠᠯ
ᠰᠢᠨ᠎ᠡ ᠵᠢ ᠡᠭᠦᠳᠬᠦ ᠬᠥᠭᠵᠢᠯᠲᠡ ᠵᠢ ᠴᠡᠴᠡᠭᠯᠡᠭᠦᠯᠵᠦ ᠦᠷ᠎ᠡ ᠳ᠋ᠦᠩ ᠭᠠᠷᠭ᠋ᠠᠨ᠎ᠠ
ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠬᠤ ᠨᠠᠶᠮᠠᠨ ᠠᠷᠭ᠎ᠠ ᠬᠡᠮᠵᠢᠶ᠎ᠡ
 
            
Baidu
map