ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ》 ᠡᠷᠢᠶᠡᠨ ᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2019-10-22

  《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ》 ᠡᠷᠢᠶᠡᠨ ᠬᠣᠲᠠ᠎ᠳᠤ ᠶᠠᠪᠤᠭᠳᠠᠪᠠ
   2019᠎ᠤᠨ 8 ᠰᠠᠷ᠎ᠠ ᠵᠢᠨ 15᠎ᠤ ᠡᠳᠦᠷ᠂ ᠡᠷᠢᠶᠡᠨ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ)᠂ ᠡᠷᠢᠶᠡᠨ ᠬᠣᠲᠠ ᠵᠢᠨ ᠰᠢᠨ᠎ᠡ ᠵᠢ ᠡᠭᠦᠳᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠰᠤᠳᠤᠯᠭ᠋ᠠᠨ᠎ᠤ ᠲᠥᠪ᠂ ᠥᠪᠥᠷ ᠮᠣᠩᠭᠣᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠶᠯᠡᠴᠢᠯᠡᠭᠡᠨ᠎ᠤ ᠲᠥᠪ ᠬᠠᠮᠲᠤᠪᠠᠷ ᠡᠷᠢᠶᠡᠨ ᠬᠣᠲᠠ᠎ᠳᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ》 ᠡᠷᠬᠢᠯᠡᠵᠦ᠂ ᠡᠷᠢᠶᠡᠨ ᠬᠣᠲᠠ ᠵᠢᠨ ᠠᠵᠤ ᠠᠬᠤᠢ᠍ᠯᠠᠯ ᠠᠵᠢᠯ ᠦᠢ᠍ᠯᠡᠰ᠎ᠤᠨ ᠨᠢᠭᠡᠴᠡ ᠵᠢᠨ 50 ᠭᠠᠷᠤᠶ ᠬᠥᠮᠦᠨ ᠲᠣᠰ ᠤᠳᠠᠭ᠎ᠠ ᠵᠢᠨ ᠲᠤᠰᠬᠠᠶ ᠰᠡᠳᠦᠪᠲᠦ ᠪᠣᠯᠪᠠᠰᠤᠷᠠᠯ᠎ᠳᠤ ᠣᠷᠣᠯᠴᠠᠪᠠ᠃


    ᠲᠣᠰ ᠤᠳᠠᠭ᠋ᠠᠨ᠎ᠤ ᠪᠣᠯᠪᠠᠰᠤᠷᠠᠭᠤᠯᠤᠯ᠎ᠤᠨ ᠠᠩᠭᠢ ᠵᠢ ᠥᠪᠥᠷ ᠮᠣᠩᠭᠣᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠦᠶᠯᠡᠴᠢᠯᠡᠭᠡᠨ᠎ᠤ ᠲᠥᠪ (ᠥᠪᠥᠷ ᠮᠣᠩᠭᠣᠯ᠎ᠤᠨ ᠮᠡᠷᠭᠡᠵᠢᠯ ᠰᠢᠯᠵᠢᠭᠦᠯᠬᠦ ᠵᠢᠴᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠨᠢᠭᠡ ᠥᠷᠲᠡᠭᠡ ᠮᠠᠶᠢᠭ᠎ᠤᠨ ᠦᠶᠯᠡᠴᠢᠯᠡᠭᠡᠨ᠎ᠤ ᠲᠠᠪᠴᠠᠩ)᠎ᠠᠴᠠ ᠪᠠᠭᠰᠢ ᠲᠣᠮᠢᠯᠠᠨ ᠬᠠᠷᠢᠭᠤᠴᠠᠨ ᠬᠢᠴᠢᠶᠡᠯ ᠵᠢᠭ᠋ᠠᠵᠤ᠂ ᠭᠣᠤᠯᠳᠠᠭᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ᠎ᠤ ᠳᠠᠷᠠᠭ᠋ᠠᠬᠢ ᠨᠥᠬᠥᠪᠥᠷᠢ ᠵᠢᠨ ᠲᠥᠷᠥ ᠵᠢᠨ ᠪᠣᠳᠣᠯᠭ᠎ᠠ᠂ ᠮᠡᠷᠭᠡᠵᠢᠯ᠎ᠤᠨ ᠠᠷᠠᠯᠵᠢᠶᠠᠨ᠎ᠤ ᠴᠤᠪᠤᠷᠠᠯ᠂ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠨ ᠵᠢᠯᠣᠭᠣᠳᠬᠤ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ (ᠲᠤᠰᠬᠠᠶ ᠠᠰᠢᠭ)᠎ᠤᠨ ᠠᠷᠠᠯᠵᠢᠶᠠᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠋ᠠᠨ ᠵᠢᠴᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠡᠷᠦᠩᠬᠡᠶ᠋ᠢᠯᠡᠭᠰᠡᠨ ᠦᠶᠯᠡᠴᠢᠯᠡᠭᠡᠨ᠎ᠤ ᠵᠠᠭᠪᠤᠷ ᠵᠡᠷᠭᠡ ᠪᠠᠢ᠍ᠳᠠᠯ᠎ᠤᠨ ᠲᠣᠭᠣᠷᠢᠨ᠎ᠳᠤ ᠨᠠᠷᠢᠨ ᠲᠠᠨᠢᠯᠴᠠᠭᠤᠯᠪᠠ᠃
    ᠲᠣᠰ ᠤᠳᠠᠭ᠋ᠠᠨ᠎ᠤ ᠪᠣᠯᠪᠠᠰᠤᠷᠠᠭᠤᠯᠤᠯ ᠵᠶ᠋ᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠡᠬᠢᠯᠡᠯᠲᠡ ᠵᠢᠨ ᠴᠡᠭ ᠢ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠲᠦᠷᠭᠡᠪᠴᠢᠯᠡᠨ ᠬᠤᠪᠢᠷᠠᠭᠤᠯᠵᠤ᠂ ᠰᠢᠨ᠎ᠡ ᠵᠢ ᠡᠭᠦᠳᠬᠦ ᠪᠡᠶᠡᠴᠢ ᠴᠣᠭᠴᠠ᠎ᠳᠤ ᠮᠡᠷᠭᠡᠵᠢᠯ᠎ᠢ ᠰᠢᠯᠵᠢᠭᠦᠯᠬᠦ ᠦᠶᠯᠡᠴᠢᠯᠡᠭᠡᠨ᠎ᠤ ᠠᠵᠢᠯ᠎ᠢ ᠰᠠᠶ᠋ᠢᠲᠤᠷ ᠬᠢᠵᠦ᠂ ᠲᠤᠬᠠᠶ ᠵᠢᠨ ᠭᠠᠵᠠᠷ᠎ᠤᠨ ᠠᠵᠤ ᠠᠬᠤᠶ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠬᠤ ᠵᠢᠨ ᠲᠥᠯᠥᠭᠡ ᠶᠤᠮ᠃

ᠢᠷᠡᠯᠲᠡ᠄
          
ᠬᠠᠮᠢᠶ᠎ᠡ ᠪᠦᠬᠦᠢ ᠰᠣᠨᠢᠨ
ᠵᠢᠷᠭᠤᠭ᠋ᠠᠨ ᠰᠠᠯᠠᠭ᠎ᠠ ᠮᠥᠴᠢᠷ 《ᠲᠡᠬᠡᠲᠤ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠪᠠ
ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠪᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠵᠢ ᠣᠯᠭᠣᠵᠤ᠂ ᠤᠯᠠᠷᠢᠭᠤᠯᠬᠤ ᠬᠦᠴᠢᠷ ᠠᠰᠠᠭᠤᠳᠠᠯ᠎ᠢ ᠰᠢᠶᠳᠪᠦᠷᠢᠯᠡᠵᠦ ᠴᠢᠳᠠᠬᠤ ᠡᠰᠡᠬᠦ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ 《ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠤᠨ ᠲᠤᠬᠠᠶ ᠲᠠᠶ᠋ᠢᠯᠤᠮᠵᠢ ᠬᠢᠪᠡ
ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠡᠨᠧᠷᠭᠢ ᠣᠯᠭᠣᠵᠤ ᠮᠥᠩᠭᠥᠨ ᠬᠦᠢ᠍ᠯᠬᠡᠬᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
 
            
Baidu
map