ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
ᠦᠷ᠎ᠡ ᠪᠦᠲᠦᠭᠡᠯ᠎ᠢ ᠬᠤᠪᠢᠷᠠᠭᠤᠯᠬᠤ 《ᠭᠤᠷᠪᠠᠨ ᠠᠯᠬᠤᠮ ᠵᠶ᠋ᠠᠷ ᠶᠠᠪᠤᠬᠤ》 ᠲᠢᠶᠠᠨᠵᠢᠨ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠬᠠᠪᠰᠤᠷᠬᠤ 《ᠭᠤᠷᠪᠠᠨ ᠦᠢᠯᠡᠳᠦᠯ》
ᠨᠡᠶ᠋ᠢᠲᠡᠯᠡᠭᠰᠡᠨ ᠴᠠᠭ᠄ 2021-09-15

   《ᠥᠩᠭᠡᠷᠡᠭᠰᠡᠨ᠎ᠳᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠥᠬᠡᠶ᠂ ᠦᠷ᠎ᠡ ᠪᠦᠲᠦᠭᠡᠯ᠎ᠢ ᠣᠨᠳᠣᠤᠰᠢᠭᠤᠯᠤᠭᠰᠠᠨ ᠣᠷᠣᠯᠭ᠎ᠠ ᠵᠢ ᠬᠡᠷᠬᠢᠨ ᠬᠤᠪᠢᠶᠠᠬᠤ ᠲᠤᠬᠠᠶ ᠲᠣᠭᠲᠠᠭ᠋ᠠᠯ᠎ᠢ ᠮᠡᠳᠡᠬᠦ ᠥᠬᠡᠶ ᠪᠠᠢ᠌ᠪᠠ᠂ ᠲᠢᠶᠠᠨᠵᠢᠨ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡᠨ᠎ᠤ ᠳᠤᠭᠤᠢ᠌ᠯᠠᠩ᠎ᠤᠨ ᠬᠠᠪᠰᠤᠷᠤᠯᠭ᠎ᠠ᠎ᠪᠠᠷ ᠳᠡᠮᠵᠢᠨ᠂ ᠪᠢᠳᠡ ᠦᠷ᠎ᠡ ᠪᠦᠲᠦᠭᠡᠯ᠎ᠢ ᠣᠨᠳᠣᠤᠰᠢᠭᠤᠯᠬᠤ ᠠᠷᠭ᠎ᠠ ᠵᠠᠮ᠎ᠢ ᠵᠢᠷᠤᠮᠵᠢᠭᠤᠯᠵᠤ᠂ ᠦᠷ᠎ᠡ ᠪᠦᠲᠦᠭᠡᠯ᠎ᠢ ᠣᠨᠳᠣᠤᠰᠢᠭᠤᠯᠬᠤ ᠪᠡᠯᠡᠨ ᠵᠣᠭᠣᠰ ᠵᠶ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ 1728 ᠲᠦᠮᠡᠨ ᠲᠥᠭᠥᠷᠢᠭ ᠵᠶ᠋ᠡᠷ ᠱᠠᠩᠨᠠᠪᠠ  ᠃》 ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ᠎ᠤ ᠲᠢᠶᠠᠨᠵᠢᠨ᠎ᠤ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠰᠤᠳᠤᠯᠭ᠋ᠠᠨ᠎ᠤ ᠭᠠᠵᠠᠷ᠎ᠤᠨ ᠰᠢᠤᠢ ᠡᠷᠬᠢᠯᠡᠭᠴᠢ ᠰᠡᠳᠬᠢᠯ ᠳᠣᠭᠳᠣᠯᠤᠨ ᠬᠡᠯᠡᠪᠡ  ᠃ ᠬᠠᠭ᠋ᠠᠰ ᠵᠢᠯ᠎ᠤᠨ ᠡᠮᠦᠨ᠎ᠡ᠂ ᠲᠡᠷᠡ ᠪᠠᠰᠠ ᠬᠡᠷᠬᠢᠨ ᠲᠣᠭᠲᠠᠭ᠋ᠠᠯ᠎ᠳᠤ ᠨᠡᠢ᠌ᠴᠡᠭᠦᠯᠦᠨ ᠱᠠᠩᠨᠠᠯ ᠣᠯᠭᠣᠵᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢᠨ ᠲᠥᠯᠥᠭᠡ ᠵᠣᠪᠠᠵᠤ ᠪᠠᠢ᠌ᠪᠠ  ᠃
      2019 ᠣᠨ᠎ᠠᠴᠠ ᠡᠬᠢᠯᠡᠨ᠂ ᠲᠢᠶᠠᠨᠵᠢᠨ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠢᠯᠡᠴᠢᠯᠡᠭᠡᠨ᠎ᠤ ᠲᠣᠭᠲᠠᠴᠠ ᠵᠢᠨ ᠰᠢᠨ᠎ᠡ ᠵᠢ ᠡᠭᠦᠳᠦᠨ 《ᠭᠤᠷᠪᠠᠨ ᠠᠯᠬᠤᠮ ᠵᠶ᠋ᠠᠷ ᠶᠠᠪᠤᠬᠤ》 ᠵᠢ ᠪᠠᠷᠢᠮᠲᠠᠯᠠᠵᠤ᠂ ᠬᠣᠶᠠᠷ ᠵᠢᠯ᠎ᠤᠨ ᠳᠣᠲᠣᠷ᠎ᠠ᠂ ᠲᠥᠷᠥ ᠵᠢᠨ ᠪᠣᠳᠣᠯᠭ᠎ᠠ ᠵᠢ 54 ᠢᠵᠢ ᠡᠮᠬᠢᠳᠬᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ ᠵᠢᠨ ᠨᠡᠢ᠌ᠳᠡᠮ ᠣᠷᠣᠰᠢᠵᠤ ᠪᠠᠢ᠌ᠭ᠎ᠠ ᠠᠰᠠᠭᠤᠳᠠᠯ᠎ᠢ ᠦᠨᠳᠦᠰᠦᠯᠡᠨ᠂ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢ ᠳ᠋ᠦᠩᠨᠡᠬᠦ ᠵᠡᠷᠭᠡ 13 ᠲᠥᠷᠥ ᠵᠢᠨ ᠪᠣᠳᠣᠯᠭ᠎ᠠ ᠵᠢᠨ ᠭᠣᠤᠯᠳᠠᠯᠭ᠎ᠠ ᠵᠢ ᠦᠨᠳᠦᠰᠦᠯᠡᠬᠦ ᠵᠢᠨ ᠬᠠᠮᠲᠤ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡᠨ᠎ᠤ ᠳᠤᠭᠤᠢ᠌ᠯᠠᠩ ᠪᠠᠢ᠌ᠭᠤᠯᠵᠤ᠂ ᠨᠢᠭᠡᠴᠢ ᠳᠠᠷᠠᠭ᠋ᠠᠯᠠᠨ ᠠᠰᠠᠭᠤᠳᠠᠯ᠎ᠢ ᠵᠢᠯᠣᠭᠣᠳᠤᠨ ᠰᠢᠢᠳᠪᠦᠷᠢᠯᠡᠵᠦ᠂ ᠦᠷ᠎ᠡ ᠪᠦᠲᠦᠭᠡᠯ᠎ᠢ ᠣᠨᠳᠣᠤᠰᠢᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠳᠤᠮᠳᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠪᠠ ᠠᠵᠢᠯᠲᠠᠨ᠎ᠢ ᠬᠦᠯᠢᠶᠡᠰᠦᠯᠡᠵᠦ ᠪᠠᠢ᠌ᠭᠰᠠᠨ 《ᠨᠠᠷᠢᠨ ᠳᠡᠭᠡᠰᠦ》 ᠵᠢ ᠦᠨᠡᠨ ᠬᠦ᠌ ᠠᠷᠢᠯᠭ᠋ᠠᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ  ᠃ 2020 ᠣᠨ᠎ᠳᠤ᠂ ᠲᠢᠶᠠᠨᠵᠢᠨ ᠬᠣᠲᠠ ᠵᠢᠨ ᠣᠨ᠎ᠤ ᠮᠡᠷᠭᠡᠵᠢᠯ᠎ᠤᠨ ᠭᠡᠷ᠎ᠡ ᠵᠢᠨ ᠠᠷᠠᠯᠵᠢᠶᠠᠨ᠎ᠤ ᠲᠣᠭ᠎ᠠ 1100 ᠳ᠋ᠦᠩᠰᠢᠭᠤᠷ ᠲᠥᠭᠥᠷᠢᠭ᠎ᠢ ᠳᠠᠪᠠᠪᠠ  ᠃
      ᠳᠦᠷᠢᠮ ᠲᠣᠭᠲᠠᠭ᠋ᠠᠯ ᠲᠣᠭᠲᠠᠭ᠋ᠠᠵᠤ᠂ ᠤᠳᠤᠷᠢᠳᠬᠤ ᠺᠠᠳ᠋ᠷᠴᠤᠳ᠎ᠤᠨ 《ᠵᠣᠷᠢᠭᠲᠠᠶ᠎ᠪᠠᠷ ᠦᠢ᠍ᠯᠡᠰ ᠪᠦᠲᠦᠭᠡᠬᠦ》 ᠵᠢ ᠵᠣᠷᠢᠭᠵᠢᠭᠤᠯᠵᠠᠶ  ᠃《ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠨᠢᠭᠡᠳᠦᠭᠡᠷ ᠲᠥᠷᠥᠯ᠎ᠤᠨ ᠠᠵᠢᠯ ᠦᠢᠯᠡᠰ᠎ᠤᠨ ᠨᠢᠭᠡᠴᠡ ᠵᠢᠨ ᠡᠵᠡᠩᠨᠡᠯᠲᠡ ᠵᠢᠨ ᠠᠵᠢᠯᠯᠠᠭ᠎ᠠ ᠡᠷᠭᠢᠯᠡᠬᠦ ᠵᠢ ᠵᠥᠪᠰᠢᠶᠡᠷᠡᠬᠦ ᠥᠬᠡᠶ᠂ ᠲᠡᠷᠡ ᠲᠥᠷᠥᠯ᠎ᠤᠨ ᠠᠵᠢᠯ ᠦᠢᠯᠡᠰ᠎ᠤᠨ ᠨᠢᠭᠡᠴᠡ ᠪᠠᠰᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠬᠣᠯᠪᠣᠭᠳᠠᠯ ᠪᠥᠬᠥᠶ ᠠᠵᠢᠯᠯᠠᠭ᠎ᠠ ᠬᠢᠵᠦ ᠪᠣᠯᠤᠨ᠎ᠠ ᠤᠣ? 《ᠨᠢᠭᠡᠴᠢ ᠥᠪᠡᠷ᠎ᠤᠨ ᠮᠡᠷᠭᠡᠵᠢᠯ ᠵᠶ᠋ᠡᠨ ᠠᠰᠢᠭᠯᠠᠨ ᠥᠪᠡᠰᠦᠪᠡᠨ ᠰᠤᠳᠤᠯᠤᠨ ᠦᠢ᠍ᠯᠡᠳᠴᠦ᠂ ᠦᠢ᠍ᠯᠡᠳᠪᠦᠷᠢᠯᠡᠭᠰᠡᠨ ᠦᠢ᠍ᠯᠡᠳᠬᠦᠨ᠎ᠢ ᠪᠣᠷᠣᠯᠠᠭᠤᠯᠤᠭᠰᠠᠨ᠎ᠨᠢ ᠦᠷ᠎ᠡ ᠪᠦᠲᠦᠭᠡᠯ᠎ᠢ ᠬᠤᠪᠢᠷᠠᠭᠤᠯᠤᠭᠰᠠᠨ᠎ᠳᠤ ᠲᠣᠭ᠋ᠠᠴᠠᠭᠳᠠᠬᠤ ᠡᠰᠡᠬᠦ ᠵᠢ ᠬᠡᠷᠬᠢᠨ ᠬᠤᠪᠢᠶᠠᠷᠢᠯᠠᠬᠤ ᠪᠤᠢ? 《ᠡᠳᠡᠭᠡᠷ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ᠎ᠤᠨ ᠳᠤᠷᠠᠳᠤᠭᠰᠠᠨ ᠠᠰᠠᠭᠤᠳᠠᠯ᠎ᠨᠢ ᠦᠨᠡᠨ᠎ᠳᠡᠭᠡᠨ ᠪᠦᠷ ᠦᠷ᠎ᠡ ᠪᠦᠲᠦᠭᠡᠯ᠎ᠢ ᠣᠨᠳᠣᠣᠰᠢᠭᠤᠯᠬᠤ ᠠᠵᠢᠯ᠎ᠤᠨ ᠳᠤᠮᠳᠠᠬᠢ ᠲᠤᠢ᠌ᠯ᠎ᠤᠨ ᠰᠠᠭᠤᠷᠢ ᠪᠣᠯᠬᠤ ᠠᠰᠠᠭᠤᠳᠠᠯ ᠪᠣᠯᠤᠨ᠎ᠠ᠂ ᠲᠦᠷᠦ ᠵᠢᠨ ᠪᠤᠳᠤᠯᠭ᠎ᠠ᠎ᠳᠤ ᠴᠤ᠌ ᠪᠦᠷ ᠲᠣᠳᠣᠷᠬᠠᠢ ᠲᠣᠭᠲᠠᠭ᠋ᠠᠯ᠎ᠲᠠᠢ ᠶᠤᠮ  ᠃ ᠭᠡᠪᠡᠴᠦ ᠲᠦᠷᠦ ᠵᠢᠨ ᠪᠤᠳᠤᠯᠭ᠎ᠠ ᠵᠢ ᠣᠢ᠌ᠯᠠᠭ᠋ᠠᠬᠤ ᠦᠭᠡᠢ᠎ᠠᠴᠠ ᠪᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ ᠠᠵᠢᠯ᠎ᠤᠨ ᠳᠤᠮᠳᠠ᠎ᠪᠠᠨ ᠡᠷᠡᠭᠡᠯᠵᠡᠨ ᠲᠠᠲᠠᠭ᠋ᠠᠯᠵᠠᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠦᠨᠳᠦ ᠨᠣᠴᠢᠲᠠᠢ ᠬᠠᠷᠰᠢᠯᠠᠪᠠ  ᠃ ᠲᠢᠶᠠᠨᠵᠢᠨ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠦᠷ᠎ᠡ ᠪᠦᠲᠦᠭᠡᠯ᠎ᠤᠨ ᠭᠠᠵᠠᠷ᠎ᠤᠨ ᠳᠡᠳ᠋ ᠳᠠᠷᠤᠭ᠎ᠠ ᠯᠢᠶᠠᠩ ᠴᠤᠸᠠᠨ ᠾᠤᠢ ᠢᠯᠡᠷᠬᠡᠢ᠌ᠯᠡᠬᠦ᠎ᠳᠡᠭᠡᠨ᠂ ᠡᠲᠡᠭᠡᠷ ᠪᠠᠢ᠌ᠳᠠᠯ᠎ᠳᠤ ᠴᠢᠭᠯᠡᠭᠦᠯᠦᠨ᠂ ᠲᠣᠰ ᠲᠣᠪᠴᠢᠶ᠎ᠠ 《ᠨᠠᠷᠢᠨ ᠳᠡᠭᠡᠰᠦ》 ᠵᠢ ᠲᠠᠢ᠌ᠯᠬᠤ ᠭᠤᠷᠪᠠᠨ ᠠᠯᠬᠤᠮ ᠵᠶ᠋ᠠᠷ ᠶᠠᠪᠤᠭᠰᠠᠨ ᠪᠠᠢ᠌ᠨ᠎ᠠ ᠭᠡᠵᠡᠶ  ᠃
      ᠣᠳᠣᠬᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠬᠦ ᠡᠷᠬᠡ᠂ ᠰᠢᠢᠳᠪᠦᠷᠢᠯᠡᠬᠦ ᠡᠷᠬᠡ᠂ ᠠᠰᠢᠭ ᠭᠥᠷᠳᠡᠬᠦ ᠡᠷᠬᠡ ᠵᠢ ᠴᠥᠮ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠎ᠲᠤ ᠪᠠᠭᠤᠯᠭ᠋ᠠᠵᠠᠶ᠂ ᠨᠢᠭᠡᠴᠡ ᠵᠢᠨ ᠤᠳᠤᠷᠢᠳᠤᠯᠭ᠎ᠠ ᠵᠢᠨ ᠰᠢᠢᠳᠪᠦᠷᠢᠲᠦ ᠪᠣᠳᠣᠯᠭ᠎ᠠ ᠪᠣᠯ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ 《ᠶᠡᠷᠦᠩᠬᠡᠶ ᠪᠣᠭᠣᠮᠲᠠ》 ᠮᠥᠨ  ᠃ ᠡᠢ᠌ᠮᠦ᠎ᠠᠴᠠ ᠨᠢᠭᠡᠳᠦᠭᠡᠷ ᠠᠯᠬᠤᠮ᠎ᠳᠤ ᠳᠦᠷᠢᠮ ᠲᠣᠭᠲᠠᠭ᠋ᠠᠵᠤ᠂ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠤᠳᠤᠷᠢᠳᠬᠤ ᠺᠠᠳ᠋ᠷᠴᠤᠳ᠎ᠤᠨ 《ᠵᠣᠷᠢᠭᠲᠠᠶ᠎ᠪᠠᠷ ᠠᠵᠢᠯᠯᠠᠬᠤ》 ᠵᠢ ᠵᠣᠷᠢᠭᠵᠢᠭᠤᠯᠬᠤ ᠬᠡᠷᠡᠭᠲᠡᠶ  ᠃
    《ᠵᠣᠷᠢᠭᠲᠠᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠪᠣᠯ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠪᠡᠶᠡᠯᠡᠭᠦᠯᠬᠦ ᠵᠢᠨ ᠤᠷᠢᠲᠠᠯ ᠮᠥᠨ  ᠃ ᠡᠢ᠌ᠮᠦ᠎ᠠᠴᠠ ᠪᠢᠳᠡ ᠬᠣᠯᠪᠣᠭᠳᠠᠯ ᠪᠦᠬᠦᠢ ᠳᠦᠷᠢᠮ᠎ᠢ ᠲᠣᠭᠲᠠᠭ᠋ᠠᠵᠤ᠂ ᠤᠳᠤᠷᠢᠳᠬᠤ ᠺᠠᠳ᠋ᠷ ᠡᠭᠦᠷᠭᠡ ᠬᠠᠷᠢᠭᠤᠴᠠᠯᠭ᠎ᠠ᠎ᠪᠠᠨ ᠴᠢᠷᠮᠠᠢ᠌ᠨ ᠭᠦᠢ᠍ᠴᠡᠳᠬᠡᠵᠦ ᠬᠤᠪᠢ ᠵᠢᠨ ᠠᠰᠢᠭ ᠲᠤᠰᠠ ᠵᠢ ᠬᠥᠭᠡᠭᠡᠴᠡᠯᠳᠦᠭᠰᠡᠨ ᠦᠭᠡᠢ ᠪᠣᠯ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠬᠠᠷᠢᠭᠤᠴᠠᠯᠭ᠎ᠠ ᠵᠢ ᠬᠡᠯᠲᠦᠷᠢᠭᠦᠯᠵᠦ ᠪᠣᠯᠤᠨ᠎ᠠ ᠭᠡᠳᠡᠭ᠎ᠢ ᠲᠣᠳᠣᠷᠬᠠᠢ᠌ᠯᠠᠪᠠ  ᠃ ᠡᠭᠦᠨ᠎ᠤ ᠬᠠᠮᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠪᠣᠯᠤᠨ ᠬᠣᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ ᠬᠠᠮᠲᠤᠷᠠᠨ ᠶᠡᠬᠡ ᠳᠡᠭᠡᠳᠦ ᠰᠤᠷᠭ᠋ᠠᠭᠤᠯᠢ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ᠎ᠳᠤ ᠪᠣᠯᠪᠠᠰᠤᠷᠠᠯ ᠬᠦᠷᠲᠡᠭᠡᠵᠦ᠂ ᠤᠳᠤᠷᠢᠳᠬᠤ ᠺᠠᠳ᠋ᠷ᠎ᠤᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠡᠷᠭᠡ ᠵᠦᠢᠯᠡᠰ᠎ᠢ ᠲᠣᠳᠣᠷᠬᠠᠢ᠌ᠯᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠤᠳᠤᠷᠢᠳᠤᠯᠭ᠎ᠠ ᠵᠢᠨ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠡᠷᠡᠭᠡᠯᠵᠡᠯ᠎ᠢ ᠠᠷᠢᠯᠭ᠋ᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠪᠠ  ᠃ ᠯᠢᠶᠠᠩ ᠴᠤᠸᠠᠨ ᠬᠣᠶ ᠵᠢᠱ᠌ᠢᠶ᠎ᠡ ᠲᠠᠲᠠᠵᠤ᠂ ᠵᠢᠱ᠌ᠢᠶᠡᠯᠡᠪᠡᠯ᠂ ᠮᠡᠷᠭᠡᠵᠢᠯ᠎ᠢ ᠬᠠᠩᠰᠢᠯᠠᠵᠤ ᠬᠤᠪᠢ ᠣᠷᠣᠭᠤᠯᠤᠭ᠋ᠠᠳ ᠬᠤᠳᠠᠯᠳᠤᠭ᠎ᠠ ᠡᠷᠭᠢᠯᠡᠵᠦ ᠠᠵᠤ ᠠᠬᠤᠢ᠌ᠯᠠᠯ ᠡᠷᠭᠢᠯᠡᠵᠦ ᠪᠠᠢ᠌ᠨ᠎ᠠ ᠭᠡᠵᠦ ᠡᠨᠳᠡᠭᠦᠷᠡᠭᠰᠡᠨ ᠡᠷᠡᠭᠡᠯᠵᠡᠯ᠂ ᠦᠷ᠎ᠡ ᠪᠦᠲᠦᠭᠡᠯ᠎ᠢ ᠬᠤᠪᠢᠷᠠᠭᠤᠯᠤᠨ ᠠᠰᠢᠭ ᠣᠷᠣᠯᠭ᠎ᠠ ᠬᠤᠪᠢᠶᠠᠷᠢᠯᠠᠵᠤ ᠪᠡᠯᠡᠨ ᠵᠣᠭᠣᠰ ᠬᠤᠪᠢᠶᠠᠷᠢᠯᠠᠬᠤ ᠱᠠᠩᠨᠠᠯ᠎ᠢ ᠳᠤᠷ᠎ᠠ᠎ᠪᠠᠷ ᠵᠶ᠋ᠠᠨ ᠨᠡᠮᠡᠭᠦᠷᠢ ᠮᠥᠩᠭᠥ ᠨᠥᠬᠥᠪᠥᠷᠢ ᠮᠥᠩᠭᠥ ᠥᠭᠬᠦ ᠵᠡᠷᠭᠡ ᠡᠷᠡᠭᠡᠯᠵᠡᠯ  ᠃
        ᠦᠢ᠍ᠯᠡᠴᠢᠯᠡᠭᠡ ᠵᠢ ᠪᠦᠬᠦᠨ᠎ᠢ ᠪᠦᠷᠬᠦᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠡ ᠵᠢᠨ 《ᠠᠵᠢᠯ ᠬᠢᠵᠦ ᠴᠢᠳᠠᠬᠤ》 (br /) ᠵᠢ ᠠᠬᠢᠭᠤᠯᠤᠨ᠎ᠠ  ᠃《ᠪᠢᠳᠡ ᠣᠨᠴᠠᠭ᠋ᠠᠢ ᠰᠢᠯᠭ᠋ᠠᠨ ᠪᠠᠢ᠌ᠴᠠᠭ᠋ᠠᠬᠤ ᠰᠢᠰᠳ᠋ᠸᠮ᠎ᠤᠨ ᠦᠷ᠎ᠡ ᠪᠦᠲᠦᠭᠡᠯ᠎ᠢ ᠣᠨᠳᠣᠣᠰᠢᠭᠤᠯᠤᠭᠰᠠᠨ ᠠᠰᠢᠭ ᠣᠷᠣᠯᠭ᠎ᠠ ᠵᠢᠨ ᠬᠤᠪᠢᠶᠠᠷᠢᠯᠠᠯᠲᠠ ᠵᠢᠨ ᠨᠠᠷᠢᠨ ᠲᠦᠷᠢᠮ᠎ᠢ ᠲᠣᠭᠲᠠᠭ᠋ᠠᠬᠤ᠎ᠪᠠᠷ ᠪᠤᠳᠤᠭᠰᠠᠭ᠋ᠠᠷ ᠢᠷᠡᠵᠠᠢ᠂ ᠭᠡᠪᠡᠴᠦ ᠣᠳᠣᠬᠠᠨ᠎ᠳᠤ ᠤᠯᠤᠰ᠎ᠤᠨ ᠳᠣᠲᠣᠭ᠋ᠠᠳᠤ ᠵᠢᠨ ᠡᠨᠡ ᠬᠦ᠌ ᠠᠵᠢᠯ ᠲᠦᠷᠦᠯ᠎ᠳᠤ ᠲᠤᠯᠢ ᠪᠣᠯᠭ᠋ᠠᠵᠤ ᠪᠣᠯᠬᠤ ᠲᠦᠷᠦ ᠵᠢᠨ ᠪᠤᠳᠤᠯᠭ᠎ᠠ ᠭᠡᠵᠦ ᠪᠠᠢ᠌ᠬᠤ ᠦᠭᠡᠢ  ᠃ ᠤᠯᠤᠰ ᠪᠣᠯᠤᠨ ᠡᠯ᠎ᠡ ᠶᠠᠮᠤᠨ ᠬᠣᠷᠢᠶ᠎ᠠ᠎ᠨᠤᠭᠤᠳ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠠᠰᠢᠭ ᠣᠷᠣᠯᠭ᠎ᠠ ᠵᠢᠨ ᠬᠤᠪᠢᠶᠠᠷᠢᠯᠠᠯᠲᠠ᠂ ᠠᠮᠵᠢᠯᠲᠠ ᠪᠦᠲᠦᠮᠵᠢ ᠵᠢᠨ ᠴᠠᠯᠢᠩ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠵᠡᠷᠭᠡ ᠲᠠᠯ᠎ᠠ᠎ᠪᠠᠷ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠡᠢ᠌ᠲᠡ 54 ᠨᠡᠢ᠌ᠲᠡᠯᠡᠵᠡᠶ᠂ ᠡᠢ᠌ᠮᠦ ᠣᠯᠠᠨ ᠲᠥᠷᠥ ᠵᠢᠨ ᠪᠣᠳᠣᠯᠭ᠎ᠠ᠎ᠨᠢ ᠪᠢᠳᠡᠨ᠎ᠢ ᠨᠠᠷᠢᠨ ᠵᠢᠭ᠋ᠠᠯᠲᠠ ᠲᠣᠭᠲᠠᠭ᠋ᠠᠬᠤ᠎ᠳᠠᠭᠠᠨ ᠵᠢᠭ᠋ᠠᠬᠠᠨ ᠲᠣᠳᠣᠷᠬᠠᠶ ᠦᠭᠡᠶ ᠪᠣᠯᠭ᠋ᠠᠭᠰᠠᠨ ᠪᠣᠯᠬᠣᠷ ᠨᠢᠭᠡ ᠵᠢᠯ ᠭᠠᠷᠤᠶ ᠵᠢᠨ ᠨᠠᠷᠢᠨ ᠵᠢᠭ᠋ᠠᠯᠲᠠ᠎ᠪᠠᠨ ᠨᠡᠢ᠌ᠲᠡᠯᠡᠭᠰᠡᠨ ᠦᠭᠡᠶ  ᠃》 ᠭᠡᠵᠦ ᠲᠢᠶᠠᠨᠵᠢᠨ ᠬᠤᠳᠠ ᠵᠢᠨ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢ ᠬᠢᠨᠠᠨ ᠰᠢᠯᠭ᠋ᠠᠬᠤ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠨᠢᠦ ᠸᠧᠢ ᠹᠸᠢ ᠬᠡᠯᠡᠪᠡ  ᠃
      ᠣᠨᠴᠠ ᠪᠠᠢ᠌ᠴᠠᠭ᠋ᠠᠬᠤ ᠬᠣᠷᠢᠶᠠᠨ᠎ᠤ ᠬᠦᠴᠢᠷ ᠠᠰᠠᠭᠤᠳᠠᠯ᠎ᠳᠤ ᠴᠢᠭᠯᠡᠭᠦᠯᠦᠨ᠂ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡᠨ᠎ᠤ ᠳᠤᠭᠤᠢ᠌ᠯᠠᠩ ᠲᠡᠳᠡᠨ᠎ᠢ ᠬᠠᠪᠰᠤᠷᠤᠨ ᠲᠥᠷᠥ ᠵᠢᠨ ᠪᠣᠳᠣᠯᠭ᠎ᠠ ᠵᠢ ᠡᠮᠬᠢᠯᠡᠵᠦ᠂ ᠨᠢᠭᠡ ᠯᠡ ᠭᠠᠷᠠᠭ᠎ᠤᠨ ᠴᠠᠭ᠎ᠢ ᠬᠡᠷᠡᠭᠰᠡᠭᠡᠳ᠂ ᠣᠨᠴᠠ ᠪᠠᠢ᠌ᠴᠠᠭ᠋ᠠᠬᠤ ᠬᠣᠷᠢᠶᠠᠨ᠎ᠤ ᠦᠷ᠎ᠡ ᠪᠦᠲᠦᠭᠡᠯ᠎ᠢ ᠣᠨᠳᠣᠤᠰᠢᠭᠤᠯᠬᠤ᠎ᠳᠤ ᠳᠣᠭᠢᠷᠠᠬᠤ ᠦᠷ᠎ᠡ ᠠᠰᠢᠭ᠎ᠤᠨ ᠬᠤᠪᠢᠶᠠᠷᠢᠯᠠᠯᠲᠠ ᠵᠢᠨ ᠨᠠᠷᠢᠨ ᠲᠦᠷᠢᠮ᠎ᠢ ᠨᠡᠢ᠌ᠲᠡᠯᠡᠪᠡ  ᠃ ᠨᠤᠲᠠᠯᠠᠭᠤᠰᠢᠲᠠᠢ᠎ᠨᠢ᠂ ᠲᠢᠶᠠᠨᠵᠢᠨ᠎ᠤ ᠣᠨᠴᠠᠭ᠋ᠠᠢ ᠪᠠᠢ᠌ᠴᠠᠭ᠋ᠠᠬᠤ ᠬᠣᠷᠢᠢ᠎ᠠ ᠵᠢᠨ ᠡᠩ ᠲᠡᠷᠢᠭᠦᠨ᠎ᠳᠤ ᠭᠠᠷᠭ᠋ᠠᠭᠰᠠᠨ ᠬᠤᠪᠢᠶᠠᠷᠢᠯᠠᠯᠲᠠ ᠵᠢᠨ ᠲᠦᠷᠦ ᠵᠢᠨ ᠪᠤᠳᠤᠯᠭ᠎ᠠ᠎ᠨᠢ ᠪᠦᠬᠦ ᠤᠯᠤᠰ᠎ᠤᠨ ᠣᠨᠴᠠᠭ᠋ᠠᠢ ᠪᠠᠢ᠌ᠴᠠᠭ᠋ᠠᠬᠤ ᠰᠢᠰᠲ᠋ᠧᠮ᠎ᠳᠤ ᠠᠵᠢᠯ ᠲᠦᠷᠦᠯ᠎ᠤᠨ ᠰᠤᠷᠤᠯᠴᠠᠬᠤ ᠬᠡᠪ ᠳᠠᠭᠤᠷᠢᠶᠠᠯ ᠪᠣᠯᠵᠠᠢ  ᠃
     《ᠣᠨᠴᠠᠭ᠋ᠠᠢ ᠪᠠᠢ᠌ᠴᠠᠭ᠋ᠠᠬᠤ ᠬᠣᠷᠢᠢ᠎ᠠ᠎ᠳᠤ ᠲᠤᠯᠭ᠋ᠠᠷᠠᠭᠰᠠᠨ 〈ᠶᠠᠭ᠋ᠠᠬᠢᠵᠤ ᠬᠢᠬᠦ〉 ᠬᠦᠴᠢᠷ ᠠᠰᠠᠭᠤᠳᠠᠯ᠂ ᠮᠠᠰᠢ ᠤᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠪᠦᠷ ᠲᠤᠯᠭ᠋ᠠᠷᠠᠵᠤ ᠥᠩᠭᠡᠷᠡᠵᠡᠢ᠂ ᠪᠢᠳᠡ ᠬᠣᠶᠠᠳᠤᠭ᠋ᠠᠷ ᠠᠯᠬᠤᠮ ᠵᠶ᠋ᠠᠷ ᠶᠠᠪᠤᠬᠤ᠎ᠪᠠᠷ ᠳᠠᠮᠵᠢᠨ᠂ ᠲᠦᠷᠦ ᠵᠢᠨ ᠪᠤᠳᠤᠯᠭ᠎ᠠ ᠵᠢᠨ ᠦᠢ᠍ᠯᠡᠴᠢᠯᠡᠭᠡ ᠵᠢ ᠪᠦᠬᠦᠨ᠎ᠢ ᠪᠦᠷᠬᠦᠬᠦᠯᠬᠦ ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠵᠢᠨ 〈ᠠᠵᠢᠯ ᠬᠢᠵᠦ ᠴᠢᠳᠠᠬᠤ〉 ᠵᠢ ᠠᠬᠢᠭᠤᠯᠪᠠ  ᠃ ᠯᠢᠶᠠᠩ ᠴᠤᠸᠠᠨ ᠬᠤᠢ ᠬᠡᠯᠡᠪᠡ  ᠃
      ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠡ ᠵᠢᠨ ᠣᠷᠣᠯᠭ᠎ᠠ ᠵᠢᠨ ᠰᠢᠨᠵᠢ ᠴᠢᠨᠠᠷ᠂ ᠴᠡᠪᠡᠷ ᠣᠷᠣᠯᠭ᠎ᠠ ᠵᠢ ᠲᠣᠭ᠋ᠠᠴᠠᠭ᠎ᠠ ᠬᠢᠬᠦ ᠵᠡᠷᠭᠡ ᠲᠥᠷᠥ ᠵᠢᠨ ᠪᠣᠳᠣᠯᠭ᠎ᠠ ᠵᠢ ᠣᠨᠣᠪᠴᠢᠲᠠᠶ ᠡᠵᠡᠮᠰᠢᠭᠰᠡᠨ ᠥᠬᠡᠶ ᠵᠡᠷᠭᠡ ᠲᠠᠯ᠎ᠠ ᠵᠢᠨ ᠠᠰᠠᠭᠤᠳᠠᠯ᠎ᠳᠤ ᠴᠢᠭᠯᠡᠭᠦᠯᠦᠨ᠂ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡᠨ᠎ᠤ ᠳᠤᠭᠤᠢ᠌ᠯᠠᠩ ᠲᠥᠷᠥ ᠵᠢᠨ ᠪᠣᠳᠣᠯᠭ᠎ᠠ ᠵᠢᠨ ᠭᠣᠤᠯᠳᠠᠯᠭ᠎ᠠ ᠵᠢ ᠡᠮᠬᠢᠯᠡᠨ ᠳᠢᠭᠯᠡᠵᠦ᠂ ᠪᠥᠬᠥ ᠬᠣᠲᠠ ᠵᠢᠨ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠎ᠲᠤ 40 ᠭᠠᠷᠤᠶ ᠲᠠᠯᠠᠪᠠᠶ ᠤᠳᠠᠭ᠎ᠠ ᠤᠬᠠᠭᠤᠯᠤᠨ ᠲᠠᠢ᠌ᠯᠪᠤᠷᠢᠯᠠᠵᠤ᠂ 1800 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠬᠣᠲᠠ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠣᠨᠴᠠ ᠪᠠᠢ᠌ᠴᠠᠭ᠋ᠠᠬᠤ ᠬᠣᠷᠢᠶ᠎ᠠ ᠵᠡᠷᠭᠡ 10 ᠭᠠᠷᠤᠶ ᠬᠦᠷᠢᠶᠡᠯᠡᠩ ᠭᠠᠵᠠᠷ᠎ᠤᠨ ᠲᠥᠷᠥ ᠵᠢᠨ ᠪᠣᠳᠣᠯᠭ᠎ᠠ ᠨᠡᠢ᠌ᠲᠡᠯᠡᠬᠦ ᠵᠢ ᠵᠢᠯᠣᠭᠣᠳᠴᠤ᠂ ᠡᠯ᠎ᠡ ᠨᠢᠭᠡᠴᠡ ᠵᠢᠨ ᠴᠡᠪᠡᠷ ᠣᠷᠣᠯᠭ᠎ᠠ ᠵᠢ ᠲᠣᠭ᠋ᠠᠴᠠᠭ᠎ᠠ ᠬᠢᠬᠦ᠂ ᠬᠥᠨᠳᠡᠯᠡᠨ ᠵᠶ᠋ᠡᠷ ᠲᠥᠷᠥᠯ ᠵᠦᠢᠯ ᠲᠣᠭᠲᠠᠭ᠋ᠠᠬᠤ ᠵᠡᠷᠭᠡ 130 ᠬᠦᠴᠢᠷ ᠠᠰᠠᠭᠤᠳᠠᠯ᠎ᠢ ᠰᠢᠢᠳᠪᠦᠷᠢᠯᠡᠪᠡ  ᠃
        ᠵᠠᠮ ᠱᠤᠭᠤᠮ᠎ᠢ ᠰᠢᠯᠤᠭᠤᠳᠬᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ᠎ᠤᠨ 《ᠳᠤᠷᠠᠲᠠᠶ᠎ᠠ ᠠᠮᠵᠢᠯᠲᠠ ᠪᠦᠲᠦᠮᠵᠢ ᠭᠠᠷᠭ᠋ᠠᠬᠤ》 ᠵᠢ ᠵᠣᠷᠢᠭᠵᠢᠭᠤᠯᠤᠨ᠎ᠠ  ᠃《ᠲᠥᠷᠥ ᠵᠢᠨ ᠪᠣᠳᠣᠯᠭ᠎ᠠ ᠲᠣᠭᠲᠠᠭ᠋ᠠᠬᠤ᠎ᠳᠤ ᠪᠠᠰᠠ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ᠎ᠤᠨ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠰᠠᠢ᠌ᠲᠤᠷ ᠬᠡᠷᠡᠭᠯᠡᠬᠦ ᠵᠢ ᠵᠢᠯᠣᠭᠣᠳᠴᠤ᠂ ᠲᠡᠳᠡᠨ᠎ᠳᠤ ᠦᠨᠡᠨ ᠬᠦ᠌ ᠠᠰᠢᠭ ᠬᠦᠷᠲᠡᠭᠡᠬᠦ ᠬᠡᠷᠡᠭᠲᠡᠶ  ᠃ ᠯᠢᠶᠠᠩ ᠴᠤᠸᠠᠨ ᠬᠣᠶ ᠲᠠᠨᠢᠯᠴᠠᠭᠤᠯᠬᠤ᠎ᠳᠠᠭᠠᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠠᠵᠢᠯ ᠶᠠᠪᠤᠳᠠᠯ ᠬᠢᠬᠦ᠎ᠳᠤ ᠬᠦᠴᠢᠷ ᠥᠬᠡᠶ ᠪᠣᠯᠭ᠋ᠠᠬᠤ ᠵᠢᠨ ᠲᠥᠯᠥᠭᠡ᠂ ᠲᠥᠷᠥ ᠵᠢᠨ ᠪᠣᠳᠣᠯᠭ᠎ᠠ ᠵᠢᠨ ᠦᠢᠯᠡᠴᠢᠯᠡᠭᠡᠨ᠎ᠤ ᠳᠤᠭᠤᠢ᠌ᠯᠠᠩ ᠬᠡᠰᠡᠭ ᠳᠠᠭ᠋ᠠᠭ᠋ᠠᠴᠢᠯᠠᠨ ᠬᠠᠷᠢᠭᠤᠴᠠᠬᠤ ᠲᠦᠷᠢᠮ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠦᠷ᠎ᠡ ᠪᠦᠲᠦᠭᠡᠯ᠎ᠢ ᠣᠨᠳᠣᠤᠰᠢᠭᠤᠯᠤᠨ ᠱᠠᠩᠨᠠᠬᠤ ᠲᠥᠷᠥ ᠵᠢᠨ ᠪᠣᠳᠣᠯᠭ᠎ᠠ ᠵᠢ ᠨᠢᠭᠡᠳ ᠨᠢᠭᠡ᠎ᠪᠠᠷ ᠵᠢᠯᠣᠭᠣᠳᠤᠨ ᠨᠠᠢ᠌ᠳᠠᠪᠤᠷᠢᠵᠢᠭᠤᠯᠬᠤ ᠵᠢᠨ ᠬᠠᠮᠲᠤ ᠨᠡᠢ᠌ᠲᠡᠯᠢᠭ ᠦᠷ᠎ᠡ ᠪᠦᠲᠦᠭᠡᠯ᠎ᠢ ᠣᠨᠳᠣᠤᠰᠢᠭᠤᠯᠤᠨ ᠬᠤᠪᠢᠷᠠᠭᠤᠯᠬᠤ ᠠᠷᠭ᠎ᠠ ᠬᠢᠳᠡᠯ᠎ᠢ ᠤᠬᠠᠭᠤᠯᠤᠨ ᠳᠡᠯᠭᠡᠷᠡᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ 《ᠳᠤᠷᠠᠲᠠᠶ᠎ᠠ ᠠᠵᠢᠯ ᠶᠠᠪᠤᠳᠠᠯ ᠬᠢᠯᠭᠡᠨ᠎ᠡ》 ᠭᠡᠵᠡᠶ  ᠃
      ᠲᠥᠷᠥ ᠵᠢᠨ ᠪᠣᠳᠣᠯᠭ᠎ᠠ ᠵᠢᠨ ᠦᠢᠯᠡᠴᠢᠯᠡᠭᠡᠨ᠎ᠤ ᠳᠤᠭᠤᠢ᠌ᠯᠠᠩ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠢ ᠬᠠᠪᠰᠤᠷᠤᠨ ᠮᠡᠷᠭᠡᠵᠢᠯ᠎ᠢ᠎ᠨᠢ ᠬᠠᠩᠰᠢᠯᠠᠨ ᠬᠤᠪᠢ ᠣᠷᠣᠭᠤᠯᠬᠤ ᠠᠷᠭ᠎ᠠ ᠵᠠᠮ ᠵᠶ᠋ᠠᠷ ᠵᠠᠮᠨᠠᠭᠤᠯᠵᠤ᠂ ᠨᠠᠨᠺᠠᠢ ᠶᠡᠬᠡ ᠰᠤᠷᠭ᠋ᠠᠭᠤᠯᠢ ᠵᠢᠨ ᠨᠢᠭᠡ ᠵᠦᠢᠯ᠎ᠤᠨ ᠦᠷ᠎ᠡ ᠪᠦᠲᠦᠭᠡᠯ᠎ᠢ ᠬᠠᠩᠰᠢᠯᠠᠨ 1 . 05 ᠳ᠋ᠦᠩᠰᠢᠭᠤᠷ ᠲᠥᠭᠥᠷᠢᠭ ᠬᠤᠪᠢ ᠣᠷᠣᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ 8000 ᠭᠠᠷᠤᠶ ᠲᠦᠮᠡᠨ ᠲᠥᠭᠥᠷᠢᠭ᠎ᠤᠨ ᠬᠤᠪᠢ ᠣᠷᠣᠭᠤᠯᠤᠯᠲᠠ ᠵᠢ ᠱᠠᠩᠨᠠᠨ ᠬᠥᠬᠢᠭᠦᠯᠪᠡ; ᠯᠢ ᠠᠨ ᠯᠦᠩ᠂ ᠵᠢᠦ ᠿᠢ ᠰᠢᠨ᠎ᠡ ᠮᠠᠲ᠋ᠧᠷᠢᠶᠠᠯ ᠵᠡᠷᠭᠡ ᠶᠡᠬᠡ ᠳᠡᠭᠡᠳᠦ ᠰᠤᠷᠭ᠋ᠠᠭᠤᠯᠢ ᠵᠢᠨ ᠫᠷᠤᠹᠧᠰᠰᠤᠷ᠎ᠤᠨ ᠦᠢᠯᠡᠰ ᠪᠤᠰᠬᠠᠬᠤ ᠠᠵᠤ ᠠᠬᠤᠢ᠌ᠯᠠᠯ ᠵᠠᠬ᠎ᠠ ᠳᠡᠯᠭᠡᠭᠦᠷ᠎ᠲᠤ ᠭᠠᠷᠪᠠ; ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠢᠶᠠᠨᠵᠢᠨ᠎ᠤ ᠠᠵᠤ ᠦᠢᠯᠡᠳᠪᠦᠷᠢ ᠵᠢᠨ ᠰᠤᠳᠤᠯᠭ᠋ᠠᠨ᠎ᠤ ᠭᠠᠵᠠᠷ᠎ᠲᠤ ᠢᠯᠡᠷᠡᠭᠰᠡᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ 《ᠳ᠋ᠦᠩᠰᠢᠭᠤᠷ ᠲᠥᠭᠥᠷᠢᠭ᠎ᠤᠨ ᠫᠷᠤᠹᠧᠰᠰᠤᠷ》᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠬᠦᠰᠡᠯ ᠡᠷᠡᠮᠡᠯᠵᠡᠯ ᠡᠳᠦᠷ ᠢᠷᠡᠬᠦᠶ᠎ᠡ ᠴᠢᠩᠭ᠋ᠠᠷᠠᠵᠤ ᠪᠠᠢ᠌ᠨ᠎ᠠ  ᠃
      ᠲᠢᠶᠠᠨᠵᠢᠨ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠪᠠᠰᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠤ ᠪᠠᠢ᠌ᠨ᠎ᠠ  ᠃ ᠣᠳᠣᠬᠠᠨ᠎ᠳᠤ ᠲᠢᠶᠠᠨᠵᠢᠨ᠎ᠤ ᠮᠡᠷᠭᠡᠵᠢᠯ ᠰᠢᠯᠵᠢᠭᠦᠯᠬᠦ ᠪᠠᠢ᠌ᠭᠤᠯᠤᠮᠵᠢ 190 ᠭᠠᠷᠤᠶ ᠪᠣᠯᠵᠠᠶ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠪᠠᠭᠰᠢ ᠵᠢᠨ ᠰᠢᠨ᠎ᠡ ᠵᠢ ᠡᠭᠦᠳᠬᠦ ᠢᠨᠵᠧᠨᠧᠷ᠂ ᠮᠡᠷᠭᠡᠵᠢᠯ᠎ᠤᠨ ᠳᠠᠭ᠋ᠠᠭ᠋ᠠᠮᠠᠯ ᠵᠡᠷᠭᠡ ᠮᠡᠷᠭᠡᠵᠢᠯ᠎ᠢ ᠰᠢᠯᠵᠢᠭᠦᠯᠬᠦ ᠴᠢᠳᠠᠪᠤᠷᠢᠲᠠᠨ᠎ᠢ 900 ᠭᠠᠷᠤᠶ ᠪᠣᠯᠪᠠᠰᠤᠷᠠᠭᠤᠯᠤᠨ᠎ᠠ; ᠮᠡᠷᠭᠡᠵᠢᠯ ᠵᠠᠭᠤᠴᠢᠯᠠᠬᠤ ᠮᠡᠷᠭᠡᠵᠢᠯ᠎ᠤᠨ ᠴᠣᠯᠠ ᠵᠢᠨ ᠲᠤᠰᠬᠠᠶ ᠮᠡᠷᠭᠡᠵᠢᠯ᠎ᠢ ᠪᠠᠢ᠌ᠭᠤᠯᠵᠤ᠂ ᠴᠢᠳᠠᠪᠤᠷᠢᠲᠠᠨ᠎ᠤ ᠲᠠᠰ ᠳᠡᠪᠰᠢᠬᠦ ᠵᠠᠮ᠎ᠢ ᠰᠢᠯᠤᠭᠤᠳᠬᠠᠵᠤ᠂ 58 ᠳᠠᠭ᠋ᠠᠭ᠋ᠠᠮᠠᠯ ᠮᠡᠷᠭᠡᠵᠢᠯ᠎ᠤᠨ ᠴᠣᠯᠠ ᠭᠥᠷᠳᠡᠪᠡ; 《ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠦᠷ᠎ᠡ ᠪᠦᠲᠦᠭᠡᠯ ᠴᠢᠶᠣᠤ ᠵᠢᠨ ᠮᠧᠨ》᠎ᠤ ᠲᠦᠷᠦᠯ ᠲᠡᠮᠳᠡᠭ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠠᠵᠤ ᠠᠬᠤᠢ᠌ᠯᠠᠯ᠎ᠤᠨ ᠮᠡᠷᠭᠡᠵᠢᠯ᠎ᠤᠨ ᠬᠡᠷᠡᠭᠴᠡᠭᠡ ᠵᠢ ᠠᠭᠤᠳᠠᠯᠵᠤ᠂ 《ᠠᠵᠤ ᠠᠬᠤᠢ᠌ᠯᠠᠯ᠎ᠤᠨ ᠰᠡᠳᠦᠪ ᠵᠶ᠋ᠡᠨ ᠭᠠᠷᠭ᠋ᠠᠵᠤ ᠳᠡᠢ᠌ᠯᠬᠦ ᠬᠥᠮᠦᠰ᠎ᠤᠨ ᠠᠰᠠᠭᠤᠳᠠᠯ᠎ᠢ ᠰᠢᠢ᠍ᠳᠪᠦᠷᠢᠯᠡᠬᠦ》 ᠲᠣᠭᠲᠠᠴᠠ ᠵᠢ ᠪᠦᠷᠢᠯᠳᠦᠭᠦᠯᠵᠦ᠂ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠡᠳᠦᠷ ᠢᠷᠡᠬᠦᠶ᠎ᠡ ᠬᠥᠭᠵᠢᠶᠡᠨᠲᠡᠢ ᠪᠤᠯᠵᠤ᠂ 2021 ᠣᠨ᠎ᠤ ᠪᠦᠬᠦ ᠬᠤᠳᠠ ᠵᠢᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠬᠡᠮᠵᠢᠢ᠎ᠡ 1300 ᠳ᠋ᠦᠩᠰᠢᠭᠤᠷ ᠲᠥᠭᠥᠷᠢᠭ᠎ᠢ ᠳᠠᠪᠠᠬᠤ ᠪᠣᠯᠤᠮᠵᠢ᠎ᠲᠠᠢ ᠪᠠᠢ᠌ᠨ᠎ᠠ  ᠃

ᠢᠷᠡᠯᠲᠡ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠮᠦ᠍ ᠪᠦᠷᠢ ᠵᠢᠨ ᠤᠨᠠᠯᠲᠠ 100 ᠺᠢᠯᠣᠭ᠌ᠷᠠᠮ ᠨᠡᠮᠡᠭᠳᠡᠨ᠎ᠡ !《ᠶᠤᠸᠠᠨ ᠮᠸᠩ ᠲᠥᠯᠥᠪᠯᠡᠭᠡ》 ᠪᠡᠶᠡᠯᠡᠭᠳᠡᠪᠡ!
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ 《ᠬᠥᠬᠡ ᠮᠥᠷᠡᠨ ᠬᠠᠲᠤᠨ ᠭᠣᠤᠯ ᠵᠡᠷᠭᠡ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠬᠢᠭᠡᠳ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ》 ᠭᠣᠤᠯᠳᠠᠯᠭ᠎ᠠ᠎ᠲᠠᠢ ᠲᠤᠰᠬᠠᠶ ᠲᠥᠷᠥᠯ ᠵᠦᠢᠯ᠎ᠤᠨ 2021 ᠣᠨ᠎ᠤ ᠬᠣᠶᠠᠳᠤᠭ᠋ᠠᠷ ᠪᠦᠯᠦᠭ᠎ᠤᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠤᠨ ᠲᠤᠬᠠᠶ ᠰᠠᠨᠠᠯ ᠬᠤᠷᠢᠶᠠᠬᠤ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠰᠢᠯᠭ᠋ᠠᠨ ᠠᠪᠬᠤ ᠠᠵᠢᠯ᠎ᠤᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠡᠷᠳᠡᠮ ᠰᠢᠨᠵᠢᠯᠡᠭᠡᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
 
            
Baidu
map