ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
ᠮᠦ᠍ ᠪᠦᠷᠢ ᠵᠢᠨ ᠤᠨᠠᠯᠲᠠ 100 ᠺᠢᠯᠣᠭ᠌ᠷᠠᠮ ᠨᠡᠮᠡᠭᠳᠡᠨ᠎ᠡ !《ᠶᠤᠸᠠᠨ ᠮᠸᠩ ᠲᠥᠯᠥᠪᠯᠡᠭᠡ》 ᠪᠡᠶᠡᠯᠡᠭᠳᠡᠪᠡ!
ᠨᠡᠶ᠋ᠢᠲᠡᠯᠡᠭᠰᠡᠨ ᠴᠠᠭ᠄ 2021-09-26

      9 ᠰᠠᠷ᠎ᠠ ᠵᠢᠨ 24᠎ᠤ ᠡᠳᠦᠷ᠂ 2021 ᠣᠨ᠎ᠤ ᠬᠢᠩᠭ᠋ᠠᠨ ᠠᠢ᠌ᠮᠠᠭ᠎ᠤᠨ ᠶᠤᠸᠠᠨ ᠯᠦᠩ ᠫᠢᠩ ᠠᠺᠠᠳᠧᠮᠢᠴᠢ ᠵᠢᠨ ᠠᠵᠢᠯ᠎ᠤᠨ ᠥᠷᠲᠡᠭᠡ ᠵᠢᠨ ᠴᠢᠨᠠᠷ ᠰᠠᠢ᠌ᠲᠠᠶ ᠤᠰᠤᠨ ᠲᠤᠲᠤᠷᠭ᠎ᠠ ᠵᠢᠨ ᠤᠨᠠᠯᠲᠠ ᠵᠢ ᠬᠡᠮᠵᠢᠬᠦ ᠵᠢᠴᠢ 《ᠮᠥ᠍ ᠪᠦᠷᠢ ᠵᠢᠨ ᠤᠨᠠᠯᠲᠠ ᠵᠢ 100 ᠺᠢᠯᠣᠭ᠌ᠷᠠᠮ ᠨᠡᠮᠡᠭᠳᠡᠭᠦᠯᠬᠦ ᠮᠡᠷᠭᠡᠵᠢᠯ᠎ᠤᠨ ᠵᠠᠭᠪᠤᠷ》᠎ᠤᠨ ᠲᠤᠬᠠᠶ ᠵᠢᠨ ᠲᠠᠯᠠᠪᠠᠶ ᠵᠢᠨ ᠦᠵᠡᠭᠦᠯᠦᠯᠭᠡ ᠵᠢᠨ ᠬᠤᠷᠠᠯ᠂ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠤᠯᠠᠭ᠋ᠠᠨᠬᠣᠲᠠ ᠵᠢᠨ ᠤᠯᠠᠭ᠋ᠠᠨᠬᠠᠳᠠ ᠪᠠᠯᠭ᠋ᠠᠰᠤᠨ᠎ᠤ ᠪᠠᠷᠠᠭᠤᠨ ᠪᠠᠶᠠᠨ ᠭᠠᠴᠠᠭ᠎ᠠ ᠵᠢᠨ ᠬᠢᠩᠭ᠋ᠠᠨ ᠠᠢ᠌ᠮᠠᠭ᠎ᠤᠨ ᠶᠤᠸᠠᠨ ᠯᠦᠩ ᠫᠢᠩ ᠠᠺᠠᠳᠧᠮᠢᠴᠢ ᠵᠢᠨ ᠠᠵᠢᠯ᠎ᠤᠨ ᠥᠷᠲᠡᠭᠡ ᠵᠢᠨ ᠤᠰᠤᠨ ᠲᠤᠲᠤᠷᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ᠎ᠤᠨ 3 ᠬᠡᠰᠡᠭ ᠲᠤᠲᠤᠷᠭ᠎ᠠ ᠵᠢᠨ ᠲᠠᠷᠢᠶ᠎ᠠ ᠵᠢ ᠲᠠᠰᠢᠷᠠᠮ ᠵᠶ᠋ᠠᠷ ᠰᠣᠩᠭᠣᠵᠤ ᠲᠤᠬᠠᠶ ᠵᠢᠨ ᠲᠠᠯᠠᠪᠠᠶ᠎ᠳᠤ᠎ᠨᠢ ᠬᠠᠳᠤᠵᠤ ᠤᠨᠠᠯᠲᠠ ᠵᠢ᠎ᠨᠢ ᠬᠡᠮᠵᠢᠪᠡ᠂ ᠤᠰᠤᠨ᠎ᠤ ᠠᠭᠤᠯᠤᠭᠳᠠᠴᠠ ᠵᠢᠴᠢ ᠬᠣᠯᠢᠴᠠ ᠵᠢᠨ ᠠᠭᠤᠯᠤᠭᠳᠠᠴᠠ ᠵᠡᠷᠭᠡ ᠡᠯᠧᠮᠧᠨ᠋ᠲ᠎ᠢ ᠶᠡᠷᠦᠩᠬᠡᠢ᠌ᠯᠡᠨ ᠵᠠᠳᠠᠯᠤᠭᠰᠠᠨ᠎ᠤ ᠳᠠᠷᠠᠭ᠎ᠠ᠂ ᠪᠠᠶᠠᠷᠯᠠᠭᠤᠰᠢᠲᠠᠶ ᠲᠥᠰᠦᠭᠡᠯᠡᠨ ᠪᠣᠳᠣᠭᠰᠠᠨ ᠦᠷ᠎ᠡ ᠳ᠋ᠦᠩ ᠣᠯᠵᠠᠶ᠄ 3 ᠬᠡᠰᠡᠭ ᠲᠤᠲᠤᠷᠭ᠎ᠠ ᠵᠢᠨ ᠲᠠᠷᠢᠶᠠᠨ᠎ᠤ ᠮᠦ᠍ ᠪᠦᠷᠢ ᠵᠢᠨ ᠳᠤᠮᠳᠠᠴᠢ ᠤᠨᠠᠯᠲᠠ᠎ᠨᠢ ᠲᠤᠰ ᠲᠤᠰ 714 . 8 ᠺᠢᠯᠣᠭ᠌ᠷᠠᠮ᠂ 685 ᠺᠢᠯᠣᠭ᠌ᠷᠠᠮ ᠪᠠ 751 ᠺᠢᠯᠣᠭ᠌ᠷᠠᠮ᠂ 3 ᠬᠡᠰᠡᠭ ᠲᠠᠷᠢᠶᠠᠨ᠎ᠤ ᠮᠦ᠍ ᠪᠦᠷᠢ ᠵᠢᠨ ᠳᠤᠮᠳᠠᠴᠢ ᠤᠨᠠᠯᠲᠠ᠎ᠨᠢ 715 . 3 ᠺᠢᠯᠣᠭ᠌ᠷᠠᠮ ᠪᠣᠯᠤᠨ᠎ᠠ᠂ 2018 ᠣᠨ ᠮᠦ᠍ ᠪᠦᠷᠢ ᠵᠢᠨ ᠳᠤᠮᠳᠠᠴᠢ ᠤᠨᠠᠯᠲᠠ 600 ᠺᠢᠯᠣᠭ᠌ᠷᠠᠮ ᠬᠦᠷᠬᠦ ᠦᠭᠡᠢ᠎ᠲᠠᠢ ᠬᠠᠷᠢᠴᠠᠭᠤᠯᠪᠠᠯ᠂ 3 ᠵᠢᠯ᠎ᠤᠨ ᠮᠦ᠍ ᠪᠦᠷᠢ ᠵᠢᠨ ᠤᠨᠠᠯᠲᠠ ᠵᠢ 100 ᠺᠢᠯᠣᠭ᠌ᠷᠠᠮ ᠨᠡᠮᠡᠭᠳᠡᠭᠦᠯᠬᠦ ᠲᠥᠯᠥᠪᠯᠡᠭᠡ ᠵᠢ ᠠᠮᠵᠢᠯᠲᠠ᠎ᠲᠠᠢ ᠪᠡᠶᠡᠯᠡᠭᠦᠯᠪᠡ  ᠃
      ᠴᠢᠨᠠᠷ ᠰᠠᠢ᠌ᠲᠠᠶ ᠤᠰᠤᠨ ᠲᠤᠲᠤᠷᠭ᠎ᠠ ᠵᠢᠨ ᠲᠥᠰᠦᠭᠡᠯᠡᠨ ᠪᠤᠳᠤᠭᠰᠠᠨ ᠦᠷ᠎ᠡ ᠳ᠋ᠦᠩ᠎ᠨᠢ 2018 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ᠂ ᠶᠤᠸᠠᠨ ᠯᠦᠩ ᠫᠢᠩ ᠠᠺᠠᠳᠧᠮᠢᠴᠢ ᠥᠪᠡᠷ᠎ᠤᠨ ᠪᠡᠶ᠎ᠡ᠎ᠪᠠᠷ ᠵᠶ᠋ᠡᠨ ᠬᠢᠩᠭ᠋ᠠᠨ ᠠᠢ᠌ᠮᠠᠭ᠎ᠲᠤ ᠬᠦᠷᠴᠦ ᠶᠤᠸᠠᠨ ᠯᠦᠩ ᠫᠢᠩ ᠠᠺᠠᠳᠧᠮᠢᠴᠢ ᠵᠢᠨ ᠠᠵᠢᠯᠯᠠᠬᠤ ᠥᠷᠲᠡᠭᠡ᠎ᠳᠤ ᠫᠠᠢ᠌ᠰᠠ ᠣᠯᠭᠣᠬᠤ ᠶᠣᠰᠣᠯᠠᠯ ᠳᠡᠭᠡᠷ᠎ᠡ ᠳᠤᠷᠠᠳᠤᠭᠰᠠᠨ 3 ᠵᠢᠯ᠎ᠤᠨ ᠳᠣᠲᠣᠷ᠎ᠠ ᠬᠢᠩᠭ᠋ᠠᠨ ᠠᠢ᠌ᠮᠠᠭ᠎ᠤᠨ ᠤᠰᠤᠨ ᠲᠤᠲᠤᠷᠭ᠎ᠠ ᠵᠢᠨ ᠮᠥ᠍ ᠪᠦᠷᠢ ᠵᠢᠨ ᠤᠨᠠᠯᠲᠠ ᠵᠢ 100 ᠺᠢᠯᠣᠭ᠌ᠷᠠᠮ ᠨᠡᠮᠡᠭᠳᠡᠭᠦᠯᠬᠦ 《ᠶᠤᠸᠠᠨ ᠮᠧᠩ ᠲᠥᠯᠥᠪᠯᠡᠭᠡ》 ᠵᠢ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠦᠭᠰᠡᠨ᠎ᠢ ᠬᠠᠷᠠᠭᠤᠯᠵᠤ ᠪᠠᠢ᠌ᠨ᠎ᠠ  ᠃
     《ᠡᠨᠡ 3 ᠵᠢᠯ᠎ᠳᠤ ᠪᠢᠳᠡ ᠡᠭᠦᠯᠳᠡᠷ᠎ᠢ ᠰᠤᠳᠤᠯᠤᠨ ᠨᠡᠭᠡᠭᠡᠭᠰᠡᠨ ᠰᠠᠭᠤᠷᠢᠨ ᠳᠡᠭᠡᠷ᠎ᠡ᠂ ᠴᠢᠬᠢ ᠰᠠᠭᠤᠯᠭ᠋ᠠᠬᠤ᠂ ᠪᠣᠷᠲᠣᠭᠣᠷ ᠣᠷᠣᠭᠤᠯᠬᠤ᠂ ᠡᠮ ᠬᠡᠷᠡᠭᠯᠡᠬᠦ ᠵᠡᠷᠭᠡ ᠲᠠᠯ᠎ᠠ᠎ᠪᠠᠷ ᠵᠢᠷᠤᠮᠵᠢᠭᠤᠯᠤᠨ ᠳᠠᠷᠢᠵᠤ᠂ ᠨᠢᠭᠡ ᠢᠵᠢ ᠥᠨᠳᠥᠷ ᠤᠨᠠᠯᠲᠠ᠎ᠲᠠᠢ ᠮᠡᠷᠭᠡᠵᠢᠯ᠎ᠢ ᠳ᠋ᠦᠩᠨᠡᠨ ᠭᠠᠷᠭ᠋ᠠᠪᠠ᠂ ᠬᠣᠢ᠌ᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ᠂ ᠪᠢᠳᠡ ᠨᠢᠭᠡᠨ ᠵᠢᠭ᠋ᠠᠬᠤ ᠫᠷᠤᠭ᠌ᠷᠠᠮ ᠬᠢᠵᠦ ᠬᠢᠩᠭ᠋ᠠᠨ ᠠᠢ᠌ᠮᠠᠭ᠎ᠤᠨ ᠲᠠᠷᠢᠮᠠᠯ᠎ᠤᠨ ᠡᠷᠦᠬᠡ᠎ᠳᠤ ᠬᠠᠩᠭ᠋ᠠᠨ ᠰᠤᠷᠤᠯᠴᠠᠭᠤᠯᠵᠤ᠂ ᠤᠰᠤᠨ ᠲᠤᠲᠤᠷᠭ᠎ᠠ ᠵᠢᠨ ᠲᠠᠷᠢᠮᠠᠯ᠎ᠤᠨ ᠡᠷᠦᠬᠡ᠎ᠳᠤ ᠪᠢᠳᠡᠨ᠎ᠤ ᠰᠤᠳᠤᠯᠤᠨ ᠨᠡᠭᠡᠭᠡᠭᠰᠡᠨ ᠡᠭᠦᠯᠳᠡᠷ᠎ᠢ ᠬᠡᠷᠡᠭᠯᠡᠭᠦᠯᠦᠭᠰᠡᠨ ᠰᠠᠭᠤᠷᠢᠨ ᠳᠡᠭᠡᠷ᠎ᠡ᠂ ᠳᠠᠬᠢᠭ᠋ᠠᠳ ᠮᠠᠨ᠎ᠤ ᠡᠨᠡ ᠬᠦ᠌ ᠳᠠᠷᠢᠬᠤ ᠮᠡᠷᠭᠡᠵᠢᠯ᠎ᠢ ᠬᠡᠷᠡᠭᠯᠡᠨ᠂ ᠲᠠᠷᠢᠮᠠᠯ᠎ᠤᠨ ᠡᠷᠦᠬᠡ᠎ᠳᠤ ᠨᠠᠩ ᠥᠨᠳᠥᠷ ᠤᠨᠠᠯᠲᠠ ᠪᠠ ᠨᠠᠩ ᠰᠠᠢ᠌ᠨ ᠦᠷ᠎ᠡ ᠠᠰᠢᠭ ᠣᠯᠭᠣᠨ᠎ᠠ  ᠃》 ᠭᠡᠵᠦ ᠬᠢᠩᠭ᠋ᠠᠨ ᠠᠢ᠌ᠮᠠᠭ᠎ᠤᠨ ᠶᠤᠸᠠᠨ ᠯᠦᠩ ᠫᠢᠩ ᠠᠺᠠᠳᠧᠮᠢᠴᠢ ᠵᠢᠨ ᠠᠵᠢᠯᠯᠠᠬᠤ ᠥᠷᠲᠡᠭᠡᠨ᠎ᠤ ᠳᠠᠷᠤᠭ᠎ᠠ ᠸᠠᠩ ᠱ᠌ᠢ ᠭᠠᠩ ᠬᠡᠯᠡᠪᠡ  ᠃ 2021 ᠣᠨ᠎ᠳᠤ᠂ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠤᠯᠠᠭ᠋ᠠᠨᠬᠣᠲᠠ ᠵᠡᠷᠭᠡ ᠳᠦᠷᠪᠡᠨ ᠬᠣᠰᠢᠭᠤ ᠰᠢᠶᠠᠨ ᠬᠤᠳᠠ᠎ᠳᠤ ᠮᠦ᠍ ᠪᠦᠷᠢ ᠵᠢᠨ ᠤᠨᠠᠯᠲᠠ ᠵᠢ 100 ᠺᠢᠯᠣᠭ᠌ᠷᠠᠮ ᠨᠡᠮᠡᠭᠳᠡᠭᠦᠯᠬᠦ ᠲᠤᠷᠰᠢᠯᠲᠠ ᠵᠢᠨ ᠵᠢᠱ᠌ᠢᠢ᠎ᠡ ᠦᠵᠡᠭᠦᠯᠬᠦ ᠴᠡᠭ᠎ᠢ ᠰᠢᠨ᠎ᠡ᠎ᠪᠠᠷ ᠨᠡᠮᠡᠭᠳᠡᠭᠦᠯᠪᠡ  ᠃
      《ᠶᠤᠸᠠᠨ ᠮᠧᠩ ᠲᠥᠯᠥᠪᠯᠡᠭᠡ》 ᠵᠢ ᠪᠡᠶᠡᠯᠡᠭᠦᠯᠬᠦ ᠵᠢᠨ ᠲᠥᠯᠥᠭᠡ᠂ 2018 ᠣᠨ᠎ᠠᠴᠠ ᠨᠠᠭ᠋ᠠᠰᠢ᠂ ᠬᠢᠩᠭ᠋ᠠᠨ ᠠᠢ᠌ᠮᠠᠭ᠎ᠤᠨ ᠶᠤᠸᠠᠨ ᠯᠦᠩ ᠫᠢᠩ ᠠᠺᠠᠳᠧᠮᠢᠴᠢ ᠤᠰᠤᠨ ᠲᠤᠲᠤᠷᠭ᠎ᠠ ᠵᠢᠨ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ᠂ ᠥᠨᠳᠥᠷ ᠤᠨᠠᠯᠲᠠ᠎ᠲᠠᠢ ᠳᠠᠷᠢᠵᠤ ᠪᠣᠢ᠌ᠵᠢᠭᠤᠯᠬᠤ ᠮᠡᠷᠭᠡᠵᠢᠯ᠎ᠤᠨ ᠰᠤᠳᠤᠯᠭ᠋ᠠᠨ᠂ ᠤᠰᠤ ᠠᠷᠪᠢᠯᠠᠬᠤ ᠮᠡᠷᠭᠡᠵᠢᠯ᠂ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠤᠨ ᠬᠤᠷᠠᠮᠠᠯ ᠰᠢᠨ᠎ᠡ ᠵᠢ ᠡᠭᠦᠳᠬᠦ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠣᠨᠳᠣᠤᠰᠢᠭᠤᠯᠤᠨ ᠳᠡᠯᠭᠡᠷᠡᠭᠦᠯᠬᠦ ᠵᠡᠷᠭᠡ ᠲᠠᠯ᠎ᠠ᠎ᠪᠠᠷ ᠶᠡᠬᠡ ᠬᠡᠮᠵᠢᠶᠡᠨ᠎ᠤ ᠠᠵᠢᠯ ᠥᠷᠨᠢᠭᠦᠯᠪᠡ  ᠃ ᠤᠰᠤᠨ ᠲᠤᠲᠤᠷᠭ᠎ᠠ ᠵᠢᠨ ᠦᠷ᠎ᠡ ᠪᠣᠢ᠌ᠵᠢᠭᠤᠯᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ 260 ᠮᠦ᠍᠂ ᠤᠰᠤᠨ ᠲᠤᠲᠤᠷᠭ᠎ᠠ ᠵᠢᠨ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ ᠪᠠ ᠦᠷᠡᠵᠢᠭᠦᠯᠦᠨ ᠲᠠᠷᠢᠬᠤ ᠰᠠᠭᠤᠷᠢᠨ ᠭᠠᠵᠠᠷ 1710 ᠮᠦ᠍᠂ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠰᠠᠭᠤᠷᠢᠨ ᠭᠠᠵᠠᠷ 3847 ᠮᠦ᠍᠂ ᠬᠠᠭᠤᠷᠠᠢ᠎ᠪᠠᠷ ᠲᠠᠷᠢᠬᠤ ᠰᠠᠭᠤᠷᠢᠨ ᠭᠠᠵᠠᠷ 785 ᠮᠦ᠍᠂ ᠤᠰᠤᠨ ᠲᠤᠲᠤᠷᠭ᠎ᠠ ᠵᠢᠨ ᠬᠠᠭᠤᠷᠠᠢ᠎ᠪᠠᠷ ᠲᠠᠷᠢᠬᠤ ᠤᠰᠤ ᠠᠷᠪᠢᠯᠠᠬᠤ ᠰᠠᠭᠤᠷᠢᠨ ᠭᠠᠵᠠᠷ 280 ᠮᠦ᠍᠂ ᠬᠠᠢ᠌ᠨᠠᠨ᠎ᠤ ᠡᠮᠦᠨᠡᠲᠦ ᠬᠡᠰᠡᠭ᠎ᠲᠤ ᠦᠷᠡᠵᠢᠭᠦᠯᠬᠦ ᠰᠠᠭᠤᠷᠢᠨ ᠭᠠᠵᠠᠷ 40 ᠮᠦ᠍᠂ ᠶᠡᠷᠦᠩᠬᠡᠢ ᠲᠠᠯᠠᠪᠠᠢ 6922 ᠮᠦ᠍᠎ᠳᠤ ᠬᠦᠷᠴᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠲᠠᠯᠠᠪᠠᠢ ᠵᠢᠨ ᠬᠡᠷᠡᠭᠴᠡᠭᠡ ᠵᠢ ᠪᠦᠲᠦᠮᠵᠢᠲᠡᠢ ᠪᠠᠲᠤᠯᠠᠪᠠ  ᠃
      ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠨᠥᠯᠥᠭᠡᠯᠡᠬᠦ ᠬᠦᠴᠦᠨ᠂ ᠬᠢᠩᠭ᠋ᠠᠨ ᠠᠢ᠌ᠮᠠᠭ ᠤᠷᠢᠳ ᠬᠣᠵᠢᠳ ᠤᠯᠤᠰ᠎ᠤᠨ ᠡᠷᠯᠢᠰᠡᠵᠢᠭᠦᠯᠦᠭᠰᠡᠨ ᠤᠰᠤᠨ ᠲᠤᠲᠤᠷᠭ᠎ᠠ ᠵᠢᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠎ᠤᠨ ᠬᠢᠩᠭ᠋ᠠᠨ ᠠᠢ᠌ᠮᠠᠭ᠎ᠤᠨ ᠬᠤᠪᠢᠶᠠᠷᠢ ᠲᠥᠪ ᠪᠣᠯᠤᠨ ᠤᠯᠤᠰ᠎ᠤᠨ ᠬᠤᠵᠢᠷ᠎ᠲᠤ ᠳᠠᠭ᠋ᠠᠭ᠋ᠠᠮᠠᠭ᠋ᠠᠶ ᠤᠰᠤᠨ ᠲᠤᠲᠤᠷᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠢᠩᠭ᠋ᠠᠨ ᠠᠢ᠌ᠮᠠᠭ᠎ᠤᠨ ᠲᠤᠷᠰᠢᠯᠲᠠ ᠵᠢᠨ ᠰᠠᠭᠤᠷᠢᠨ ᠭᠠᠵᠠᠷ᠎ᠢ ᠪᠠᠢ᠌ᠭᠤᠯᠪᠠ᠂ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠣᠷᠣᠨ᠎ᠤ ᠬᠦᠢ᠍ᠲᠡᠨ ᠭᠠᠵᠠᠷ᠎ᠤᠨ ᠤᠰᠤᠨ ᠲᠤᠲᠤᠷᠭ᠎ᠠ ᠵᠢᠴᠢ ᠣᠷᠣᠨ ᠪᠦᠰᠡ ᠵᠢᠨ ᠬᠤᠵᠢᠷ᠎ᠲᠤ ᠳᠠᠭ᠋ᠠᠭ᠋ᠠᠮᠠᠭ᠋ᠠᠶ ᠤᠰᠤᠨ ᠲᠤᠲᠤᠷᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠯ ᠬᠢᠭᠡᠳ ᠬᠤᠷᠠᠮᠠᠯ ᠵᠢᠱ᠌ᠢᠶ᠎ᠡ ᠦᠵᠡᠭᠦᠯᠬᠦ》 ᠲᠥᠷᠥᠯ ᠵᠦᠢ᠍ᠯ᠎ᠢ ᠡᠭᠦᠷᠭᠡᠯᠡᠵᠡᠶ᠂ ᠤᠮᠠᠷᠠᠲᠤ ᠣᠷᠣᠨ᠎ᠤ ᠬᠦᠢ᠍ᠳᠡᠨ ᠭᠠᠵᠠᠷ᠎ᠤᠨ ᠴᠢᠨᠠᠷ ᠰᠠᠢ᠌ᠲᠠᠢ ᠲᠤᠲᠤᠷᠭ᠎ᠠ ᠵᠢᠨ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠰᠤᠳᠤᠯᠭ᠋ᠠᠨ᠎ᠢ ᠢᠳᠡᠪᠬᠢᠲᠡᠢ ᠥᠷᠨᠢᠭᠦᠯᠦᠨ᠎ᠡ᠂ ᠴᠢᠨᠠᠷ ᠰᠠᠢ᠌ᠲᠠᠶ ᠤᠰᠤᠨ ᠲᠤᠲᠤᠷᠭ᠎ᠠ ᠵᠢ ᠡᠯᠪᠡᠭ ᠬᠤᠷᠢᠶᠠᠯᠲᠠ᠎ᠲᠠᠢ ᠲᠠᠷᠢᠬᠤ ᠮᠡᠷᠭᠡᠵᠢᠯ᠎ᠤᠨ ᠰᠤᠳᠤᠯᠤᠯ᠂ ᠬᠢᠩᠭ᠋ᠠᠨ ᠠᠢ᠌ᠮᠠᠭ᠎ᠤᠨ ᠬᠤᠵᠢᠷ᠎ᠲᠤ ᠳᠠᠭ᠋ᠠᠭ᠋ᠠᠮᠠᠭ᠋ᠠᠶ ᠤᠰᠤᠨ ᠲᠤᠲᠤᠷᠭ᠎ᠠ ᠵᠢᠨ ᠰᠢᠨ᠎ᠡ ᠡᠭᠦᠯᠳᠡᠷ᠎ᠢ ᠰᠣᠩᠭᠣᠨ ᠪᠣᠢ᠌ᠵᠢᠭᠤᠯᠬᠤ ᠵᠢᠴᠢ ᠢᠵᠢ ᠪᠦᠷᠢᠳᠦᠭᠦᠯᠦᠨ ᠳᠠᠷᠢᠬᠤ ᠮᠡᠷᠭᠡᠵᠢᠯ᠎ᠤᠨ ᠬᠤᠷᠠᠮᠠᠯ ᠰᠤᠳᠤᠯᠤᠯ᠂ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠤᠨ ᠤᠰᠤᠨ ᠲᠤᠲᠤᠷᠭ᠎ᠠ ᠵᠢᠨ ᠦᠢᠯᠡᠳᠪᠦᠷᠢᠯᠡᠯ ᠳᠤᠮᠳᠠᠬᠢ ᠬᠡᠷᠡᠭᠯᠡᠭᠡᠨ᠎ᠤ ᠰᠤᠳᠤᠯᠤᠯ᠂ ᠤᠰᠤᠨ ᠲᠤᠲᠤᠷᠭ᠎ᠠ ᠵᠢ ᠤᠰᠤ ᠠᠷᠪᠢᠯᠠᠬᠤ ᠥᠨᠳᠥᠷ ᠪᠦᠲᠦᠮᠵᠢᠲᠡᠶ ᠲᠠᠷᠢᠬᠤ ᠮᠡᠷᠭᠡᠵᠢᠯ᠎ᠤᠨ ᠬᠤᠷᠠᠮᠠᠯ ᠰᠤᠳᠤᠯᠤᠯ  ᠃ 3 ᠵᠢᠯ᠎ᠤᠨ ᠳᠣᠲᠣᠷ᠎ᠠ ᠨᠢᠭᠡᠨᠲᠡ ᠤᠰᠤᠨ ᠲᠤᠲᠤᠷᠭ᠎ᠠ ᠵᠢᠨ 3 ᠰᠢᠨ᠎ᠡ ᠡᠭᠦᠯᠳᠡᠷ᠎ᠢ ᠬᠢᠨᠠᠨ ᠲᠣᠭᠲᠠᠭ᠋ᠠᠵᠤ ᠪᠠᠲᠤᠯᠠᠨ᠂ 《ᠬᠢᠩᠭ᠋ᠠᠨ ᠠᠢ᠌ᠮᠠᠭ᠎ᠤᠨ ᠤᠰᠤᠨ ᠲᠤᠲᠤᠷᠭ᠎ᠠ ᠵᠢᠨ ᠮᠥ᠍ ᠪᠦᠷᠢ ᠵᠢᠨ ᠤᠨᠠᠯᠲᠠ ᠵᠢ 100 ᠺᠢᠯᠣᠭ᠌ᠷᠠᠮ ᠨᠡᠮᠡᠭᠳᠡᠭᠦᠯᠬᠦ ᠮᠡᠷᠭᠡᠵᠢᠯ᠎ᠤᠨ ᠵᠠᠭᠪᠤᠷ》᠎ᠢ ᠪᠠᠢ᠌ᠭᠤᠯᠬᠤ᠎ᠳᠤ ᠰᠠᠢ᠌ᠨ ᠡᠭᠦᠯᠳᠡᠷ᠎ᠤᠨ ᠰᠠᠭᠤᠷᠢ ᠵᠢ ᠲᠠᠯᠪᠢᠪᠠ  ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ 《ᠬᠥᠬᠡ ᠮᠥᠷᠡᠨ ᠬᠠᠲᠤᠨ ᠭᠣᠤᠯ ᠵᠡᠷᠭᠡ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ ᠬᠢᠭᠡᠳ ᠤᠰᠤᠨ᠎ᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ》 ᠭᠣᠤᠯᠳᠠᠯᠭ᠎ᠠ᠎ᠲᠠᠢ ᠲᠤᠰᠬᠠᠶ ᠲᠥᠷᠥᠯ ᠵᠦᠢᠯ᠎ᠤᠨ 2021 ᠣᠨ᠎ᠤ ᠬᠣᠶᠠᠳᠤᠭ᠋ᠠᠷ ᠪᠦᠯᠦᠭ᠎ᠤᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠤᠨ ᠲᠤᠬᠠᠶ ᠰᠠᠨᠠᠯ ᠬᠤᠷᠢᠶᠠᠬᠤ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠰᠢᠯᠭ᠋ᠠᠨ ᠠᠪᠬᠤ ᠠᠵᠢᠯ᠎ᠤᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠡᠷᠳᠡᠮ ᠰᠢᠨᠵᠢᠯᠡᠭᠡᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
 
            
Baidu
map