ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠨᠢᠭᠡᠴᠢ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠯ᠎ᠡ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠢᠶᠠᠷᠬᠤ ᠠᠷᠭ᠎ᠠ》 ᠵᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠤᠱᠯᠠᠭᠤᠯᠤᠨ ᠨᠠᠢ᠌ᠳᠠᠪᠤᠷᠢᠵᠢᠭᠤᠯᠲᠤᠭ᠋ᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2024 ᠣᠨ᠎ᠤ 11 ᠰᠠᠷ᠎ᠠ ᠵᠢᠨ 8᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠢᠶᠠᠷᠬᠤ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠶᠡᠷᠦᠩᠬᠡᠢ ᠱᠦᠵᠢ ᠰᠢ ᠵᠢᠨ ᠫᠢᠩ᠎ᠤᠨ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠣᠯ ᠰᠢᠨ᠎ᠡ ᠵᠢ ᠡᠭᠦᠳᠬᠦ ᠬᠥᠭᠵᠢᠯᠲᠡ ᠵᠢ ᠪᠡᠶᠡᠯᠡᠭᠦᠯᠬᠦ ᠵᠢᠨ ᠬᠣᠶᠠᠷ ᠵᠢᠭᠦᠷ ᠮᠥᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠲᠠᠢ ᠠᠳᠠᠯᠢ ᠴᠢᠬᠤᠯᠠ ᠪᠠᠢ᠌ᠷᠢᠨ᠎ᠳᠤ ᠲᠠᠯᠪᠢᠬᠤ ᠬᠡᠷᠡᠭᠲᠡᠢ》 ᠭᠡᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠤᠯ ᠰᠢᠵᠢᠮ᠎ᠤᠨ ᠲᠣᠭᠣᠷᠢᠨ᠎ᠳᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠠᠵᠢᠯᠯᠠᠭ᠋ᠠᠨ ᠪᠠ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠬᠠᠤᠯᠢ》᠂《ᠪᠦᠬᠦ ᠠᠷᠠᠳ᠎ᠤᠨ ᠰᠢᠨᠵᠢᠯᠡᠬᠦ ᠤᠬᠠᠭ᠋ᠠᠨ᠎ᠤ ᠬᠡᠪ ᠴᠢᠨᠠᠷ᠎ᠤᠨ ᠠᠵᠢᠯᠯᠠᠭ᠋ᠠᠨ᠎ᠤ ᠲᠥᠯᠥᠪᠯᠡᠭᠡ ᠵᠢᠨ ᠲᠣᠪᠴᠢ (20212035 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠂ ᠲᠤᠰ ᠠᠷᠭ᠎ᠠ ᠵᠢ ᠲᠣᠭᠲᠠᠭ᠋ᠠᠪᠠ ᠃
ᠬᠣᠶᠠᠳᠤᠭ᠋ᠠᠷ ᠵᠦᠢᠯ ᠲᠤᠰ ᠠᠷᠭ᠎ᠠ᠎ᠳᠤ ᠬᠡᠯᠡᠵᠦ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ (ᠳᠣᠷᠣᠭᠰᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠵᠦ ᠲᠣᠪᠴᠢᠯᠠᠨ᠎ᠠ) ᠭᠡᠳᠡᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠳᠣᠷᠣᠭᠰᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠭᠡᠵᠦ ᠲᠣᠪᠴᠢᠯᠠᠨ᠎ᠠ)᠎ᠠᠴᠠ ᠦᠨᠡᠮᠰᠢᠭᠰᠡᠨ᠂ ᠨᠡᠢ᠌ᠭᠡᠮ ᠨᠡᠢ᠌ᠲᠡ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠯᠭᠡ ᠵᠢ ᠲᠦᠭᠡᠮᠡᠯᠵᠢᠭᠦᠯᠬᠦ᠂ ᠰᠢᠨᠵᠢᠯᠡᠬᠦ ᠤᠬᠠᠭ᠋ᠠᠨᠴᠢ ᠠᠷᠭ᠎ᠠ ᠵᠢ ᠰᠠᠨᠠᠭ᠋ᠠᠴᠢᠯᠠᠬᠤ᠂ ᠰᠢᠨᠵᠢᠯᠡᠬᠦ ᠤᠬᠠᠭ᠋ᠠᠨ᠎ᠤ ᠦᠵᠡᠯ ᠰᠠᠨᠠᠭ᠎ᠠ ᠵᠢ ᠤᠯᠠᠮᠵᠢᠯᠠᠬᠤ᠂ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠪᠠᠢ᠌ᠭᠤᠯᠤᠮᠵᠢ ᠪᠤᠶᠤ ᠵᠣᠬᠢᠶᠠᠨ ᠪᠠᠢ᠌ᠭᠤᠯᠤᠯᠲᠠ ᠵᠢ ᠵᠢᠭ᠋ᠠᠵᠤ ᠪᠤᠶ ᠃
ᠭᠤᠷᠪᠠᠳᠤᠭ᠋ᠠᠷ ᠵᠦᠢᠯ ᠲᠤᠰ ᠠᠷᠭ᠎ᠠ᠎ᠨᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠦᠨᠡᠮᠰᠢᠬᠦ ᠪᠠ ᠬᠠᠮᠢᠶᠠᠷᠬᠤ ᠵᠡᠷᠭᠡ ᠠᠵᠢᠯ᠎ᠳᠤ ᠲᠣᠬᠢᠷᠠᠨ᠎ᠠ ᠃
ᠳᠥᠷᠪᠡᠳᠦᠭᠡᠷ ᠵᠦᠢᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ 《ᠵᠠᠰᠠᠭ᠎ᠤᠨ ᠣᠷᠳᠣᠨ ᠬᠥᠲᠥᠯᠥᠨ ᠵᠢᠯᠣᠭᠣᠳᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠯᠭ᠋ᠠᠬᠤ᠂ ᠬᠥᠳᠡᠯᠦᠩᠭᠦᠶ᠎ᠪᠠᠷ ᠲᠣᠬᠢᠷᠠᠭᠤᠯᠬᠤ》 ᠬᠠᠮᠢᠶᠠᠷᠤᠯᠲᠠ ᠵᠢᠨ ᠲᠣᠭᠲᠠᠴᠠ ᠵᠢ ᠠᠪᠤᠨ᠎ᠠ ᠃
ᠬᠣᠶᠠᠳᠤᠭ᠋ᠠᠷ ᠪᠦᠯᠦᠭ ᠨᠥᠬᠥᠴᠡᠯ ᠬᠢᠭᠡᠳ ᠠᠩᠭᠢᠯᠠᠯ
ᠲᠠᠪᠤᠳᠤᠭ᠋ᠠᠷ ᠵᠦᠢᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠡᠳᠡᠭᠦᠯᠬᠦ ᠭᠣᠤᠯ ᠴᠣᠭᠴᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠦᠷᠢᠳᠬᠡᠨ ᠳᠠᠩᠰᠠᠯᠠᠭᠤᠯᠤᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠨᠢᠭᠡᠴᠡ ᠪᠤᠶᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠬᠠᠤᠯᠢ ᠶᠣᠰᠣᠭ᠋ᠠᠷ ᠨᠠᠢ᠌ᠳᠠᠭᠰᠠᠨ ᠪᠡᠶ᠎ᠡ᠎ᠪᠠᠨ ᠳᠠᠭ᠋ᠠᠭ᠋ᠠᠵᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠨᠢᠭᠡᠴᠡ ᠪᠠᠢ᠌ᠬᠤ ᠬᠡᠷᠡᠭᠲᠡᠶ ᠪᠥᠭᠡᠳ ᠳᠣᠤᠷᠠᠬᠢ ᠦᠨᠳᠦᠰᠦᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄
(ᠨᠢᠭᠡ) ᠪᠣᠳᠠᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠪᠠᠢ᠌ᠭᠤᠯᠤᠮᠵᠢ ᠪᠠ ᠬᠠᠮᠢᠶᠠᠷᠤᠯᠲᠠ ᠵᠢᠨ ᠳᠦᠷᠢᠮ᠎ᠲᠠᠢ ᠪᠠᠢ᠌ᠵᠤ᠂ ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠲᠥᠯᠥᠪᠯᠡᠭᠡ ᠪᠠ ᠤᠷᠲᠤ ᠰᠢᠭ ᠪᠠ ᠤᠷᠲᠤ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠲᠥᠯᠥᠪᠵᠢᠭᠦᠯᠭᠡ᠎ᠲᠠᠢ ᠪᠠᠢ᠌ᠬᠤ;
(ᠬᠣᠶᠠᠷ) ᠲᠣᠭᠲᠠᠪᠤᠷᠢᠲᠠᠢ ᠵᠠᠷᠤᠳᠠᠯ᠎ᠤᠨ ᠢᠷᠡᠯᠳᠡ᠎ᠲᠠᠢ ᠪᠠᠢ᠌ᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠠᠷᠤᠳᠠᠯ᠎ᠢ ᠨᠢᠭᠡᠴᠢ ᠵᠢᠨ ᠣᠨ᠎ᠤ ᠲᠥᠰᠦᠪ᠎ᠲᠤ ᠣᠷᠣᠭᠤᠯᠬᠤ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠵᠢᠨ ᠬᠡᠪ ᠵᠶ᠋ᠡᠷ ᠶᠠᠪᠤᠭᠳᠠᠬᠤ ᠵᠢ ᠪᠠᠲᠤᠯᠠᠵᠤ ᠴᠢᠳᠠᠨ᠎ᠠ;
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠥᠷᠨᠢᠭᠦᠯᠬᠦ᠎ᠳᠤ ᠵᠣᠬᠢᠴᠠᠭᠰᠠᠨ ᠡᠬᠢ ᠪᠠᠶᠠᠯᠢᠭ᠂ ᠲᠥᠬᠥᠭᠡᠷᠦᠮᠵᠢ᠂ ᠲᠠᠯᠠᠪᠤᠷ ᠵᠡᠷᠭᠡ ᠨᠥᠬᠥᠴᠡᠯ᠎ᠢ ᠪᠦᠷᠢᠯᠳᠦᠭᠦᠯᠵᠦ᠂ ᠤᠯᠠᠨ ᠨᠡᠢ᠌ᠲᠡ ᠵᠢᠨ ᠦᠵᠡᠬᠦ᠂ ᠤᠩᠰᠢᠬᠤ ᠪᠠ ᠠᠪᠬᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠭᠤ ᠳᠦᠷᠰᠦ ᠰᠢᠩᠭᠡᠭᠡᠯᠲᠡ᠂ ᠦᠰᠦᠭ ᠪᠢᠴᠢᠭ᠂ ᠵᠢᠷᠤᠭᠲᠤ ᠮᠠᠲ᠋ᠧᠷᠢᠶᠠᠯ᠎ᠲᠠᠢ ᠪᠠᠢ᠌ᠬᠤ;
(ᠳᠦᠷᠪᠡ) ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠣᠬᠢᠬᠤ ᠲᠣᠭ᠋ᠠᠨ᠎ᠤ ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠠᠵᠢᠯᠲᠠᠨ᠎ᠲᠠᠢ ᠪᠠᠢ᠌ᠬᠤ;
(ᠲᠠᠪᠤ) ᠭᠠᠳᠠᠭ᠋ᠠᠳᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠥᠷᠨᠢᠭᠦᠯᠬᠦ ᠵᠣᠬᠢᠬᠤ ᠬᠡᠮᠵᠢᠶᠡᠨ᠎ᠤ ᠴᠢᠳᠠᠪᠤᠷᠢ᠎ᠲᠠᠢ ᠪᠠᠢ᠌ᠬᠤ;
(ᠵᠢᠷᠭᠤᠭ᠎ᠠ) ᠣᠯᠠᠨ ᠨᠡᠢ᠌ᠲᠡ᠎ᠳᠤ ᠬᠠᠨᠳᠤᠭᠤᠯᠤᠨ ᠣᠯᠠᠨ ᠲᠦᠮᠡᠨᠴᠢ ᠴᠢᠨᠠᠷᠲᠠᠶ᠂ ᠨᠡᠢ᠌ᠭᠡᠮᠴᠢ ᠴᠢᠨᠠᠷᠲᠠᠶ ᠪᠠ ᠪᠠᠢ᠌ᠩᠭᠤ ᠵᠢᠨ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠢᠯᠡᠴᠢᠯᠡᠭᠡᠨ᠎ᠤ ᠪᠣᠳᠠᠲᠤ ᠦᠷ᠎ᠡ ᠪᠦᠲᠦᠮᠵᠢ᠎ᠨᠢ ᠢᠯᠡᠷᠬᠡᠶ ᠪᠠᠢ᠌ᠵᠤ᠂ ᠣᠢ᠌ᠷ᠎ᠠ ᠵᠢᠨ 2 ᠵᠢᠯ᠎ᠳᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠣᠬᠢᠬᠤ ᠬᠡᠪᠴᠢᠶ᠎ᠡ᠎ᠲᠠᠢ ᠠᠵᠢᠯᠯᠠᠭ᠎ᠠ ᠵᠢ ᠨᠡᠢ᠌ᠲᠡ 5 ᠤᠳᠠᠭ᠎ᠠ᠎ᠠᠴᠠ ᠳᠡᠭᠡᠭᠰᠢ ᠵᠣᠬᠢᠶᠠᠨ ᠪᠠᠢ᠌ᠭᠤᠯᠤᠨ ᠥᠷᠨᠢᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢ᠂ ᠨᠠᠰᠤᠲᠠᠢ᠌ᠴᠤᠳ᠎ᠲᠤ ᠡᠩ ᠲᠡᠷᠢᠭᠦᠨ᠎ᠳᠤ ᠪᠠ ᠬᠠᠷᠠᠭ᠋ᠠᠯᠵᠠᠯ ᠦᠵᠡᠭᠦᠯᠪᠡ;
(ᠳᠣᠯᠣᠭ᠎ᠠ) ᠰᠦᠯᠵᠢᠶᠡᠨ ᠥᠷᠲᠡᠭᠡ᠂ ᠸᠢᠴᠠᠲ᠂ ᠪᠢᠴᠢᠯ ᠪᠦᠷᠭᠡ ᠵᠡᠷᠭᠡ ᠭᠠᠳᠠᠭ᠋ᠠᠳᠤ ᠤᠬᠠᠭᠤᠯᠭ᠎ᠠ ᠵᠢᠨ ᠠᠷᠭ᠎ᠠ ᠵᠠᠮ᠎ᠲᠠᠢ ᠪᠠᠢ᠌ᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠬᠡᠷᠡᠭᠲᠡᠶ ᠃
ᠵᠢᠷᠭᠤᠳᠤᠭ᠋ᠠᠷ ᠵᠦᠢᠯ ᠳᠡᠭᠡᠷ᠎ᠡ ᠳᠤᠷᠠᠳᠤᠭᠰᠠᠨ ᠦᠨᠳᠦᠰᠦᠨ ᠨᠥᠬᠥᠴᠡᠯ᠎ᠳᠤ ᠨᠡᠢ᠌ᠴᠡᠬᠦ᠎ᠠᠴᠠ ᠭᠠᠳᠠᠨ᠎ᠠ᠂ ᠠᠳᠠᠯᠢ ᠪᠤᠰᠤ ᠲᠥᠷᠥᠯ ᠬᠡᠯᠪᠡᠷᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠡᠳᠡᠭᠦᠯᠬᠦ᠎ᠳᠤ ᠪᠠᠰᠠ ᠳᠣᠤᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯᠠᠪᠤᠷ ᠣᠷᠳᠣᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯᠠᠪᠤᠷ ᠣᠷᠳᠣᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ᠎ᠨᠢ ᠣᠯᠠᠨ ᠰᠢᠨᠵᠢᠯᠡᠭᠡᠨ᠎ᠤ ᠰᠠᠯᠠᠭ᠎ᠠ᠂ ᠣᠯᠠᠨ ᠬᠦᠷᠢᠶ᠎ᠡ ᠪᠤᠶᠤ ᠲᠤᠰᠬᠠᠶ ᠰᠡᠳᠦᠪᠲᠦ ᠴᠢᠨᠠᠷᠲᠠᠶ ᠰᠢᠨᠵᠢᠯᠡᠬᠦ ᠤᠬᠠᠭ᠋ᠠᠨ᠎ᠤ ᠮᠡᠳᠡᠯᠭᠡ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠠᠮᠤᠷᠤᠭᠰᠠᠨ ᠢᠯᠡ ᠦᠵᠡᠭᠦᠯᠦᠯᠭᠡ ᠵᠢᠨ ᠵᠦᠢ᠍ᠯᠡᠰ᠎ᠢ ᠳᠡᠯᠭᠡᠨ ᠦᠵᠡᠭᠦᠯᠬᠦ ᠪᠠ ᠤᠬᠠᠭᠤᠯᠬᠤ᠎ᠪᠠᠷ ᠭᠣᠣᠯ ᠪᠣᠯᠭ᠋ᠠᠵᠤ᠂ ᠤᠷᠲᠤ ᠬᠤᠭᠤᠴᠠᠭ᠎ᠠ᠎ᠪᠠᠷ ᠣᠯᠠᠨ ᠨᠡᠢ᠌ᠲᠡ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠲᠣᠭᠲᠠᠮᠠᠯ ᠲᠠᠯᠠᠪᠤᠷ᠎ᠢ ᠵᠢᠭ᠋ᠠᠵᠤ ᠪᠤᠶ ᠃ ᠡᠭᠦᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠂ ᠮᠦᠽᠧᠶ᠂ ᠣᠳᠣᠨ ᠣᠷᠣᠨ᠎ᠤ ᠣᠷᠳᠣᠨ᠂ ᠴᠠᠭ ᠠᠭᠤᠷ᠎ᠤᠨ ᠣᠷᠳᠣᠨ᠂ ᠭᠠᠵᠠᠷ ᠬᠥᠳᠡᠯᠦᠯᠲᠡ ᠵᠢᠨ ᠬᠣᠷᠢᠶ᠎ᠠ᠂ ᠤᠷᠭᠤᠮᠠᠯ᠎ᠤᠨ ᠬᠦᠷᠢᠶᠡᠯᠡᠩ᠂ ᠬᠡᠪ ᠦᠯᠢᠭᠡᠷ᠎ᠤᠨ ᠣᠷᠳᠣᠨ᠂ ᠳᠡᠯᠭᠡᠨ ᠦᠵᠡᠭᠦᠯᠬᠦ ᠣᠷᠳᠣᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠯᠠᠪᠠᠶ ᠣᠷᠳᠣᠨ᠂ ᠨᠣᠮ᠎ᠤᠨ ᠰᠠᠩ᠂ ᠪᠠᠭ᠋ᠠᠴᠤᠳ᠎ᠤᠨ ᠣᠷᠳᠣᠨ᠂ ᠵᠠᠯᠠᠭᠤᠴᠤᠳ ᠪᠠᠭ᠋ᠠᠴᠤᠳ᠎ᠤᠨ ᠠᠵᠢᠯᠯᠠᠭ᠋ᠠᠨ᠎ᠤ ᠲᠥᠪ ᠵᠡᠷᠭᠡ ᠪᠠᠭᠲᠠᠨ᠎ᠠ ᠃
ᠮᠡᠳᠡᠭᠦᠯᠬᠦ ᠲᠠᠯᠠᠪᠠᠶ ᠣᠷᠳᠣᠨ᠎ᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠳᠣᠤᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄
1. ᠲᠠᠯᠠᠪᠠᠶ ᠣᠷᠳᠣᠨ᠎ᠤ ᠲᠠᠯᠠᠪᠠᠶ ᠵᠢ 600 ᠲᠡᠭᠰᠢ ᠳᠥᠷᠪᠡᠯᠵᠢᠨ ᠮᠧᠲ ᠷ᠊ᠠᠴᠠ ᠳᠤᠲᠠᠭᠤ ᠦᠭᠡᠶ ᠪᠠᠢ᠌ᠯᠭ᠋ᠠᠵᠤ᠂ ᠵᠢᠯ ᠪᠦᠷᠢ ᠨᠡᠢ᠌ᠲᠡ ᠣᠯᠠᠨ᠎ᠳᠤ 200 ᠡᠳᠦᠷ᠎ᠠᠴᠠ ᠳᠤᠲᠠᠭᠤ ᠦᠭᠡᠶ ᠴᠢᠯᠥᠭᠡᠲᠡᠶ ᠲᠠᠯᠪᠢᠬᠤ ᠬᠡᠷᠡᠭᠲᠡᠶ; ᠣᠷᠳᠣᠨ᠎ᠤ ᠳᠣᠲᠣᠷ᠎ᠠ ᠵᠣᠬᠢᠴᠠᠩᠭᠤᠶ ᠪᠦᠬᠦᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠭᠠᠵᠠᠷ ᠲᠠᠯᠠᠪᠤᠷ ᠪᠣᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ᠎ᠢ ᠲᠤᠯᠭ᠋ᠠᠭᠤᠷᠢᠯᠠᠬᠤ ᠣᠯᠠᠨ ᠨᠡᠢ᠌ᠲᠡ ᠵᠢᠨ ᠦᠢ᠍ᠯᠡᠴᠢᠯᠡᠭᠡᠨ᠂ ᠬᠠᠮᠢᠶᠠᠷᠤᠯᠲᠠ ᠵᠢᠨ ᠪᠠᠲᠤᠯᠠᠭ᠎ᠠ ᠵᠡᠷᠭᠡ᠎ᠳᠤ ᠬᠡᠷᠡᠭᠯᠡᠬᠦ ᠭᠡᠷ ᠪᠠᠢ᠌ᠰᠢᠩ ᠵᠢᠴᠢ ᠲᠥᠬᠥᠭᠡᠷᠦᠮᠵᠢ᠎ᠲᠠᠢ ᠪᠠᠢ᠌ᠬᠤ ᠬᠡᠷᠡᠭᠲᠡᠶ;
2. ᠲᠠᠯᠠᠪᠠᠶ ᠣᠷᠳᠣᠨ᠎ᠤ ᠲᠠᠯᠠᠪᠠᠶ᠂ ᠦᠵᠡᠭᠦᠯᠦᠯᠭᠡ ᠵᠢᠨ ᠵᠦᠢᠯ᠎ᠤᠨ ᠲᠣᠭ᠎ᠠ᠂ ᠲᠣᠭᠣᠷᠢᠨ ᠦᠵᠡᠬᠦ ᠬᠥᠮᠦᠨ ᠤᠳᠠᠭᠠᠯᠤᠭᠠ ᠲᠣᠬᠢᠷᠠᠯᠴᠠᠭᠰᠠᠨ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠢ᠌ᠯᠤᠮᠵᠢ ᠬᠢᠬᠦ ᠠᠵᠢᠯᠲᠠᠨ᠎ᠢ 3᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ;
3. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠤᠬᠠᠭ᠋ᠠᠯᠠᠨ ᠰᠡᠳᠦᠬᠦ᠂ ᠵᠣᠬᠢᠶᠠᠨ ᠪᠠᠢ᠌ᠭᠤᠯᠬᠤ ᠵᠢᠴᠢ ᠬᠡᠷᠡᠭᠵᠢᠭᠦᠯᠬᠦ ᠴᠢᠳᠠᠪᠤᠷᠢ᠎ᠲᠠᠢ ᠪᠠᠢ᠌ᠵᠤ᠂ ᠣᠯᠠᠨ ᠵᠦᠢ᠍ᠯ᠎ᠤᠨ ᠠᠷᠭ᠎ᠠ ᠪᠠᠷᠢᠯ ᠪᠣᠯᠤᠨ ᠠᠴᠢᠶᠠᠯᠠᠪᠤᠷᠢ ᠵᠢ ᠠᠰᠢᠭᠯᠠᠨ ᠨᠡᠢ᠌ᠲᠡ ᠣᠯᠠᠨ (ᠨᠡᠢ᠌ᠭᠡᠮ ᠲᠣᠭᠣᠷᠢᠭ᠂ ᠰᠤᠷᠭ᠋ᠠᠭᠤᠯᠢ᠂ ᠦᠨᠳᠦᠰᠦᠨ ᠱᠠᠲᠤᠨ᠎ᠤ ᠨᠢᠭᠡᠴᠡ᠂ ᠲᠠᠷᠢᠶᠠᠯᠠᠬᠤ ᠮᠠᠯᠵᠢᠬᠤ ᠣᠷᠣᠨ ᠵᠡᠷᠭᠡ)᠎ᠳᠤ ᠬᠠᠨᠳᠤᠭᠤᠯᠤᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ ᠲᠦᠭᠡᠮᠡᠯᠵᠢᠭᠦᠯᠬᠦ ᠬᠠᠤᠯᠢ》᠎ᠳᠤ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠵᠦ ᠴᠢᠳᠠᠬᠤ;
4. ᠵᠢᠯ ᠪᠦᠷᠢ ᠨᠡᠢ᠌ᠭᠡᠮ ᠨᠡᠢ᠌ᠲᠡ᠎ᠳᠤ ᠴᠢᠯᠥᠭᠡᠲᠡᠶ ᠲᠠᠯᠪᠢᠬᠤ ᠡᠳᠦᠷ᠎ᠨᠢ ᠡᠩ᠎ᠤᠨ ᠪᠠᠢ᠌ᠳᠠᠯ᠎ᠳᠤ 200 ᠡᠳᠦᠷ᠎ᠠᠴᠠ ᠳᠤᠲᠠᠭᠤ ᠦᠭᠡᠶ ᠪᠠᠢ᠌ᠵᠤ᠂ ᠵᠢᠯ ᠪᠦᠷᠢ ᠵᠠᠯᠠᠭᠤᠴᠤᠳ ᠪᠠᠭ᠋ᠠᠴᠤᠳ᠎ᠲᠤ ᠬᠠᠷᠠᠭ᠋ᠠᠯᠵᠠᠯ ᠦᠵᠡᠭᠦᠯᠬᠦ ᠪᠤᠶᠤ ᠰᠦᠢ᠍ᠳᠬᠡᠯ ᠬᠤᠷᠢᠶᠠᠬᠤ ᠦᠭᠡᠶ᠎ᠪᠠᠷ ᠴᠢᠯᠥᠭᠡᠲᠡᠶ ᠲᠠᠯᠪᠢᠬᠤ ᠡᠳᠦᠷ᠎ᠨᠢ 30 ᠡᠳᠦᠷ᠎ᠠᠴᠠ ᠳᠤᠲᠠᠭᠤ ᠦᠭᠡᠶ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠨ᠎ᠠ)᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢᠨ ᠬᠤᠭᠤᠴᠠᠭ᠋ᠠᠨ᠎ᠳᠤ ᠣᠯᠠᠨ ᠨᠡᠢ᠌ᠲᠡ᠎ᠳᠤ ᠬᠠᠷᠠᠭ᠋ᠠᠯᠵᠠᠯ ᠦᠵᠡᠭᠦᠯᠬᠦ ᠪᠤᠶᠤ ᠰᠦᠢ᠍ᠳᠬᠡᠯ ᠬᠤᠷᠢᠶᠠᠬᠤ ᠦᠭᠡᠶ᠎ᠪᠠᠷ ᠴᠢᠯᠥᠭᠡᠲᠡᠶ ᠲᠠᠯᠪᠢᠬᠤ ᠵᠢᠨ ᠬᠠᠮᠲᠤ ᠴᠢᠯᠥᠭᠡᠲᠡᠶ ᠲᠠᠯᠪᠢᠬᠤ ᠪᠣᠳᠠᠲᠠᠶ ᠡᠳᠦᠷ ᠬᠤᠭᠤᠴᠠᠭ᠎ᠠ ᠪᠣᠯᠤᠨ ᠠᠵᠢᠯᠯᠠᠭ᠎ᠠ ᠵᠢᠨ ᠠᠭᠤᠯᠭ᠎ᠠ ᠵᠢ ᠨᠡᠢ᠌ᠲᠡᠯᠡᠬᠦ ᠬᠡᠷᠡᠭᠲᠡᠶ;
5. ᠣᠨ᠎ᠤ ᠬᠦᠯᠢᠶᠡᠨ ᠵᠣᠴᠢᠯᠠᠯᠲᠠ ᠪᠤᠶᠤ ᠦᠢ᠍ᠯᠡᠴᠢᠯᠡᠭᠡᠨ᠎ᠤ ᠨᠡᠢ᠌ᠲᠡ ᠣᠯᠠᠨ᠎ᠢ ᠡᠩ᠎ᠤᠨ ᠪᠠᠢ᠌ᠳᠠᠯ᠎ᠳᠤ 2 ᠲᠦᠮᠡᠨ ᠬᠥᠮᠦᠨ ᠤᠳᠠᠭ᠎ᠠ᠎ᠠᠴᠠ ᠳᠤᠲᠠᠭᠤ ᠦᠭᠡᠶ ᠪᠠᠢ᠌ᠯᠭ᠋ᠠᠬᠤ ᠬᠡᠷᠡᠭᠲᠡᠶ ᠃
(ᠬᠣᠶᠠᠷ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠯᠠᠪᠤᠷ ᠃ᠰᠢᠨ᠎ᠡ ᠵᠢ ᠡᠭᠦᠳᠬᠦ ᠲᠠᠪᠴᠠᠩ᠎ᠤᠨ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠯᠠᠪᠤᠷ ᠭᠡᠳᠡᠭ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠳᠡᠭᠡᠳᠦ ᠰᠤᠷᠭ᠋ᠠᠭᠤᠯᠢ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠠᠵᠤ ᠦᠢᠯᠡᠰ᠎ᠤᠨ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ ᠪᠤᠶᠤ ᠪᠤᠰᠤᠳ ᠵᠣᠬᠢᠶᠠᠨ ᠪᠠᠢ᠌ᠭᠤᠯᠤᠯᠲᠠ ᠵᠢᠨ ᠳᠣᠲᠣᠭ᠋ᠠᠳᠤ᠎ᠳᠠᠭᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠮᠵᠢ᠎ᠲᠠᠢ ᠪᠥᠭᠡᠳ ᠣᠯᠠᠨ ᠨᠡᠢ᠌ᠲᠡ᠎ᠳᠤ ᠨᠡᠭᠡᠭᠡᠬᠦ ᠨᠥᠬᠥᠴᠡᠯ᠎ᠲᠠᠢ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠰᠢᠨᠵᠢᠯᠡᠬᠦ ᠤᠬᠠᠭ᠋ᠠᠨ᠎ᠤ ᠲᠥᠪ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠪ᠂ ᠢᠨᠵᠧᠨᠧᠷᠢᠩ᠎ᠤᠨ ᠰᠤᠳᠤᠯᠭ᠋ᠠᠨ᠎ᠤ ᠲᠥᠪ᠂ ᠲᠣᠭ᠎ᠠ ᠪᠠᠷᠢᠮᠲᠠ ᠵᠢᠨ ᠲᠥᠪ᠂ ᠦᠢᠯᠡᠳᠬᠦ ᠦᠢᠯᠡᠰ᠎ᠤᠨ ᠰᠢᠨ᠎ᠡ ᠵᠢ ᠡᠭᠦᠳᠬᠦ ᠲᠥᠪ᠂ ᠬᠡᠭᠡᠷ᠎ᠡ ᠭᠠᠳᠠᠨ᠎ᠠ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠵᠢᠭ᠋ᠠᠵᠤ ᠪᠣᠶ ᠃
ᠮᠡᠳᠡᠭᠦᠯᠬᠦ ᠲᠠᠪᠴᠠᠩ᠎ᠤᠨ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠳᠣᠤᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠶ᠄ ᠃
1. ᠲᠠᠯᠠᠪᠠᠶ ᠵᠢ 500 ᠲᠡᠭᠰᠢ ᠳᠥᠷᠪᠡᠯᠵᠢᠨ ᠮᠧᠲᠷ᠎ᠠᠴᠠ ᠳᠤᠲᠠᠭᠤ ᠦᠭᠡᠶ ᠪᠠᠢ᠌ᠯᠭ᠋ᠠᠵᠤ᠂ ᠵᠢᠯ ᠪᠦᠷᠢ ᠨᠡᠢ᠌ᠲᠡ ᠣᠯᠠᠨ᠎ᠳᠤ 100 ᠡᠳᠦᠷ᠎ᠠᠴᠠ ᠳᠤᠲᠠᠭᠤ ᠦᠭᠡᠶ ᠴᠢᠯᠥᠭᠡᠲᠡᠶ ᠲᠠᠯᠪᠢᠬᠤ ᠬᠡᠷᠡᠭᠲᠡᠶ; ᠲᠠᠪᠴᠠᠩ᠎ᠳᠤ ᠵᠣᠬᠢᠴᠠᠩᠭᠤᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠯᠠᠪᠤᠷ (ᠦᠵᠡᠭᠦᠯᠦᠯᠭᠡ ᠵᠢᠨ ᠲᠢᠩᠬᠢᠮ) ᠪᠣᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ᠎ᠢ ᠲᠤᠯᠭ᠋ᠠᠭᠤᠷᠢᠯᠠᠬᠤ ᠣᠯᠠᠨ ᠨᠡᠢ᠌ᠲᠡ ᠵᠢᠨ ᠦᠢᠯᠡᠴᠢᠯᠡᠭᠡ᠂ ᠲᠤᠬᠠᠢ᠌ᠯᠠᠭᠰᠠᠨ ᠠᠵᠢᠯ᠎ᠤᠨ ᠰᠤᠳᠤᠯᠤᠯ᠂ ᠬᠠᠮᠢᠶᠠᠷᠤᠯᠲᠠ ᠵᠢᠨ ᠪᠠᠲᠤᠯᠠᠭ᠎ᠠ ᠵᠡᠷᠭᠡ᠎ᠳᠤ ᠬᠡᠷᠡᠭᠯᠡᠬᠦ ᠬᠡᠷ ᠪᠠᠢ᠌ᠰᠢᠩ ᠵᠢᠴᠢ ᠲᠥᠬᠥᠭᠡᠷᠦᠮᠵᠢ᠎ᠲᠠᠢ ᠪᠠᠢ᠌ᠬᠤ ᠬᠡᠷᠡᠭᠲᠡᠶ;
2. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠳᠡᠯᠭᠡᠨ ᠦᠵᠡᠭᠦᠯᠦᠯᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠬᠢᠯᠡᠨ᠂ ᠵᠢᠯ ᠪᠦᠷᠢ 10 ᠤᠳᠠᠭ᠎ᠠ᠎ᠠᠴᠠ ᠳᠤᠲᠠᠭᠤ ᠦᠭᠡᠶ ᠪᠠᠢ᠌ᠯᠭ᠋ᠠᠵᠤ᠂ ᠳᠡᠯᠭᠡᠨ ᠦᠵᠡᠭᠦᠯᠦᠯᠭᠡ᠎ᠳᠤ ᠣᠷᠣᠨ ᠪᠦᠰᠡ᠂ ᠠᠵᠢᠯ ᠲᠥᠷᠥᠯ ᠪᠤᠶᠤ ᠲᠤᠰᠬᠠᠶ ᠰᠡᠳᠦᠪᠲᠦ ᠣᠨᠴᠠᠯᠢᠭ᠎ᠢ ᠲᠣᠪᠣᠢ᠌ᠯᠭ᠋ᠠᠨ᠂ ᠳᠡᠯᠭᠡᠨ ᠦᠵᠡᠭᠦᠯᠬᠦ ᠪᠦᠲᠦᠭᠡᠭᠳᠡᠬᠦᠨ᠂ ᠳᠡᠯᠭᠡᠨ ᠦᠵᠡᠭᠦᠯᠬᠦ ᠰᠠᠮᠪᠠᠷ᠎ᠠ ᠵᠡᠷᠭᠡ ᠬᠡᠯᠪᠡᠷᠢ ᠮᠠᠶ ᠢᠭᠨᠢ ᠣᠯᠠᠨ ᠶᠠᠩᠵᠤ ᠵᠢᠨ ᠵᠢᠴᠢ ᠣᠯᠠᠨ ᠵᠠᠭᠤᠴᠢᠲᠤ᠂ ᠲᠣᠭ᠋ᠠᠵᠢᠭᠤᠯᠬᠤ᠂ ᠬᠠᠷᠢᠯᠴᠠᠨ ᠬᠥᠳᠡᠯᠦᠯᠴᠡᠬᠦ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠪᠡᠯᠡᠳᠬᠡᠮᠵᠢ ᠲᠥᠬᠥᠭᠡᠷᠦᠮᠵᠢ ᠵᠢ ᠲᠣᠪᠣᠢ᠌ᠯᠭ᠋ᠠᠨ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠭᠤᠯᠭ᠎ᠠ ᠵᠢ ᠴᠠᠭ ᠲᠤᠬᠠᠶ᠎ᠳᠤᠨᠢ ᠰᠢᠨᠡᠳᠬᠡᠨ ᠥᠷᠭᠡᠳᠬᠡᠬᠦ ᠬᠡᠷᠡᠭᠲᠡᠶ;
3. ᠲᠠᠪᠴᠠᠩ᠎ᠯᠤᠭ᠎ᠠ ᠲᠣᠬᠢᠷᠠᠯᠴᠠᠭᠰᠠᠨ ᠲᠤᠰᠬᠠᠶ᠂ ᠲᠤᠰᠢᠶᠠᠯ ᠬᠠᠪᠰᠤᠷᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠢ᠌ᠯᠪᠤᠷᠢᠯᠠᠭᠴᠢ ᠪᠤᠶᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠤᠬᠠᠭᠤᠯᠤᠭᠴᠢ ᠵᠢ 2᠎ᠠᠴᠠ ᠳᠤᠲᠠᠭᠤ ᠦᠭᠡᠶ ᠪᠠᠢ᠌ᠯᠭ᠋ᠠᠬᠤ ᠬᠡᠷᠡᠭᠲᠡᠶ;
4. ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠵᠢ ᠤᠬᠠᠭ᠋ᠠᠯᠠᠨ ᠰᠡᠳᠦᠬᠦ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠴᠢᠳᠠᠪᠤᠷᠢ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠪᠤᠷᠢ᠎ᠲᠠᠢ ᠪᠠᠢ᠌ᠬᠤ;
5. ᠵᠣᠬᠢᠬᠤ ᠬᠡᠮᠵᠢᠶᠡᠨ᠎ᠤ ᠵᠠᠷᠤᠳᠠᠯ᠎ᠤᠨ ᠣᠷᠣᠭᠤᠯᠤᠯᠲᠠ ᠪᠠ ᠨᠥᠬᠥᠴᠡᠯ᠎ᠤᠨ ᠪᠠᠲᠤᠯᠠᠭ᠎ᠠ ᠵᠢᠨ ᠴᠢᠳᠠᠪᠤᠷᠢ᠎ᠲᠠᠢ ᠪᠠᠢ᠌ᠬᠤ ᠃
(ᠭᠤᠷᠪᠠ) ᠲᠠᠯᠠᠪᠠᠶ ᠣᠷᠳᠣᠨ᠎ᠤ ᠪᠤᠰᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ
ᠲᠠᠯᠠᠪᠠᠶ ᠣᠷᠳᠣᠨ᠎ᠤ ᠪᠤᠰᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ᠎ᠨᠢ ᠡᠯ᠎ᠡ ᠲᠥᠷᠥᠯ᠎ᠤᠨ ᠣᠨᠴᠠᠯᠢᠭᠲᠤ ᠡᠬᠢ ᠪᠠᠶᠠᠯᠢᠭ᠎ᠲᠤ ᠲᠦᠰᠢᠭᠯᠡᠨ ᠪᠠᠢ᠌ᠭᠤᠯᠤᠭᠰᠠᠨ ᠪᠥᠭᠡᠳ ᠢᠯᠡᠳᠲᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠬᠤᠨ ᠪᠠ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠮᠵᠢ᠎ᠲᠠᠢ ᠤᠯᠤᠰ᠎ᠤᠨ ᠴᠡᠴᠡᠷᠯᠢᠭ᠂ ᠠᠮᠢᠲᠠᠨ᠎ᠤ ᠬᠦᠷᠢᠶᠡᠯᠡᠩ᠂ ᠤᠷᠭᠤᠮᠠᠯ᠎ᠤᠨ ᠬᠦᠷᠢᠶᠡᠯᠡᠩ᠂ ᠭᠠᠵᠠᠷ ᠰᠢᠨᠵᠢᠯᠡᠭᠡᠨ᠎ᠤ ᠴᠡᠴᠡᠷᠯᠢᠭ᠂ ᠠᠭᠤᠷᠬᠠᠶ ᠵᠢᠨ ᠴᠡᠴᠡᠷᠯᠢᠭ᠂ ᠭᠠᠵᠠᠷ ᠰᠢᠨᠵᠢᠯᠡᠭᠡᠨ᠎ᠤ ᠦᠯᠡᠳᠡᠭᠳᠡᠯ᠂ ᠪᠠᠢ᠌ᠭ᠋ᠠᠯᠢ ᠵᠢᠨ ᠥᠪ ᠬᠥᠷᠥᠩᠭᠡ᠂ ᠰᠣᠶᠣᠯ᠎ᠤᠨ ᠬᠠᠮᠠᠭ᠋ᠠᠯᠠᠯᠲᠠ ᠵᠢᠨ ᠭᠠᠵᠠᠷ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠵᠢ ᠵᠢᠭ᠋ᠠᠵᠤ ᠪᠤᠶ ᠃
ᠲᠠᠯᠠᠪᠠᠶ ᠣᠷᠳᠣᠨ᠎ᠤ ᠪᠤᠰᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠡᠳᠡᠭᠦᠯᠬᠦ᠎ᠳᠤ ᠳᠣᠣᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
1. 《ᠪᠥᠬᠥ ᠤᠯᠤᠰ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠶᠠᠰᠤ ᠴᠢᠨᠠᠷ᠎ᠤᠨ ᠵᠡᠷᠭᠡ ᠳᠡᠰ᠎ᠤᠨ ᠬᠤᠪᠢᠶᠠᠷᠢᠯᠠᠯ ᠬᠢᠭᠡᠳ ᠦᠨᠡᠯᠡᠨ ᠲᠣᠭᠲᠠᠭ᠋ᠠᠬᠤ ᠪᠠᠷᠢᠮᠵᠢᠶ᠎ᠠ》 ᠵᠢᠨ 4 A ᠲᠠᠰ᠎ᠠᠴᠠ ᠳᠡᠭᠡᠭᠰᠢᠬᠢ ᠵᠢᠭᠤᠯᠴᠢᠯᠠᠯ᠎ᠤᠨ ᠦᠵᠡᠮᠵᠢ ᠵᠢᠨ ᠣᠷᠣᠨ (ᠴᠡᠭ) ᠪᠤᠶᠤ ᠵᠣᠬᠢᠴᠠᠩᠭᠤᠶ ᠬᠢᠷᠢ ᠬᠡᠮ᠎ᠤᠨ ᠮᠠᠭ᠋ᠠᠳᠯᠠᠨ ᠲᠣᠭᠲᠠᠭ᠋ᠠᠯᠲᠠ ᠵᠢ ᠣᠯᠤᠭᠰᠠᠨ ᠪᠠᠢ᠌ᠬᠤ;
2.. ᠭᠡᠷ ᠳᠣᠲᠣᠷᠠᠬᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠵᠡᠭᠦᠯᠦᠯᠭᠡ ᠵᠢᠨ ᠣᠷᠳᠣᠨ᠎ᠢ ᠪᠠᠢ᠌ᠭᠤᠯᠵᠤ᠂ ᠦᠵᠡᠭᠦᠯᠦᠯᠭᠡ ᠵᠢᠨ ᠲᠠᠯᠠᠪᠠᠶ ᠵᠢ 1000 ᠲᠡᠭᠰᠢ ᠳᠥᠷᠪᠡᠯᠵᠢᠨ ᠮᠧᠲ ᠷ᠊ᠠᠴᠠ ᠳᠣᠣᠷ᠎ᠠ ᠦᠭᠡᠶ ᠪᠠᠢ᠌ᠯᠭ᠋ᠠᠵᠤ᠂ 100 ᠬᠥᠮᠦᠨ᠎ᠠᠴᠠ ᠳᠡᠭᠡᠭᠰᠢ ᠣᠷᠣᠭᠤᠯᠵᠤ ᠪᠣᠯᠬᠤ ᠣᠯᠠᠨ ᠴᠢᠳᠠᠮᠵᠢᠲᠤ ᠮᠡᠳᠡᠭᠦᠯᠦᠯᠲᠡ ᠵᠢᠨ ᠲᠢᠩᠬᠢᠮ᠎ᠲᠠᠢ ᠪᠠᠢ᠌ᠯᠭ᠋ᠠᠬᠤ ᠬᠡᠷᠡᠭᠲᠡᠶ;
3. ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠣᠤᠯ ᠰᠡᠳᠦᠪ᠎ᠢ ᠥᠷᠥᠭᠡᠨ ᠭᠠᠳᠠᠨ᠎ᠠ ᠳᠡᠯᠭᠡᠨ ᠦᠵᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠮᠡᠳᠡᠯᠭᠡ ᠵᠢᠨ ᠠᠭᠤᠯᠭ᠎ᠠ ᠵᠢ ᠤᠯᠠᠮᠵᠢᠯᠠᠬᠤ᠎ᠨᠢ ᠣᠨᠣᠪᠴᠢᠲᠠᠶ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ᠎ᠪᠠᠷ ᠥᠨᠳᠥᠷ᠂ ᠮᠡᠳᠡᠭᠡ ᠵᠠᠩᠭᠢ ᠵᠢᠨ ᠪᠠᠭᠲᠠᠭ᠋ᠠᠮᠵᠢ᠎ᠪᠠᠷ ᠶᠡᠬᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠯᠧᠮᠧᠨ᠋ᠲ᠎ᠢ ᠭᠦᠢᠴᠡᠳ ᠢᠯᠡᠷᠡᠭᠦᠯᠦᠭᠰᠡᠨ᠂ ᠵᠢᠭᠤᠯᠴᠢᠯᠠᠯ᠎ᠤᠨ ᠲᠣᠭᠣᠷᠢᠨ ᠦᠵᠡᠬᠦ ᠵᠠᠮ ᠱᠤᠭᠤᠮ᠎ᠲᠠᠢ ᠵᠣᠬᠢᠴᠠᠯᠳᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠭᠤᠯᠴᠢᠯᠠᠯ᠎ᠤᠨ ᠬᠥᠲᠥᠴᠢ᠂ ᠬᠥᠲᠥᠯᠥᠨ ᠬᠠᠷᠠᠬᠤ ᠰᠢᠰᠲ᠋ᠧᠮ᠎ᠢ ᠪᠦᠷᠢᠳᠦᠭᠦᠯᠦᠭᠰᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠷᠢᠨ ᠪᠦᠲᠦᠨ ᠲᠠᠢ᠌ᠯᠪᠤᠷᠢᠯᠠᠯᠲᠠ ᠵᠢᠨ ᠦᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠢᠯᠡᠳᠬᠡᠮᠵᠢ ᠵᠡᠷᠭᠡ ᠵᠢ ᠪᠠᠭᠲᠠᠭ᠋ᠠᠭᠰᠠᠨ ᠳᠥᠭᠥᠮ ᠣᠢ᠌ᠯᠠᠭ᠋ᠠᠮᠵᠢᠲᠠᠶ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠢ᠌ᠯᠪᠤᠷᠢᠯᠠᠯᠲᠠ ᠵᠢᠨ ᠰᠢᠰᠲ᠋ᠧᠮ᠎ᠢ ᠲᠣᠬᠢᠷᠠᠭᠤᠯᠤᠭᠰᠠᠨ;
4. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠲᠠᠢ᠌ᠯᠪᠤᠷᠢᠯᠠᠭᠴᠢ ᠵᠢ 3᠎ᠠᠴᠠ ᠳᠡᠭᠡᠭᠰᠢ ᠲᠣᠬᠢᠷᠠᠭᠤᠯᠤᠨ᠎ᠠ;
5. ᠵᠢᠯ ᠲᠤᠷᠰᠢ ᠣᠯᠠᠨ ᠨᠡᠢ᠌ᠲᠡ᠎ᠳᠤ ᠴᠢᠯᠥᠭᠡᠲᠡᠶ ᠨᠡᠭᠡᠭᠡᠵᠦ᠂ ᠵᠢᠯ ᠪᠦᠷᠢ ᠣᠯᠠᠨ ᠨᠡᠢ᠌ᠲᠡ ᠵᠢ 10 ᠲᠦᠮᠡᠨ ᠬᠥᠮᠦᠨ ᠤᠳᠠᠭ᠎ᠠ᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ;
6. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠲᠤ ᠬᠠᠨᠳᠤᠭᠤᠯᠤᠨ ᠣᠷᠴᠢᠨ ᠲᠣᠭᠣᠷᠢᠨ᠎ᠤ ᠬᠥᠮᠦᠵᠢᠯ᠂ ᠪᠠᠢ᠌ᠭ᠋ᠠᠯᠢ ᠵᠢᠨ ᠣᠢ᠌ᠯᠠᠭ᠋ᠠᠯᠲᠠ ᠵᠡᠷᠭᠡ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠢ᠌ᠭᠤᠯᠤᠨ ᠥᠷᠨᠢᠭᠦᠯᠦᠨ᠎ᠡ ᠃
(ᠳᠥᠷᠪᠡ) ᠠᠵᠤ ᠦᠢᠯᠡᠰ᠎ᠤᠨ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ
ᠠᠵᠤ ᠦᠢᠯᠡᠰ᠎ᠤᠨ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ᠎ᠨᠢ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢᠯᠡᠳᠪᠦᠷᠢ᠂ ᠣᠲᠣ ᠦᠶ᠎ᠡ ᠵᠢᠨ ᠲᠣᠨᠣᠭ ᠲᠥᠬᠥᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠵᠢᠴᠢ ᠬᠣᠪᠣᠷ ᠰᠢᠷᠣᠶ᠂ ᠰᠢᠨ᠎ᠡ ᠡᠨᠧᠷᠭᠢ᠂ ᠰᠦ ᠵᠢᠨ ᠦᠢᠯᠡᠰ ᠵᠡᠷᠭᠡ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠤ ᠦᠢᠯᠡᠰ᠎ᠤᠨ ᠬᠦᠷᠢᠶ᠎ᠡ ᠪᠤᠶᠤ ᠠᠵᠢᠯ ᠲᠥᠷᠥᠯ᠎ᠳᠤ ᠲᠥᠯᠥᠭᠡᠯᠡᠬᠦ ᠴᠢᠨᠠᠷᠲᠠᠶ ᠮᠥᠷᠲᠡᠭᠡᠨ ᠪᠠᠰᠠ ᠣᠯᠠᠨ ᠨᠡᠢ᠌ᠲᠡ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠴᠢᠳᠠᠪᠤᠷᠢ᠎ᠲᠠᠢ ᠠᠵᠤ ᠠᠬᠤᠢ᠌ᠯᠠᠯ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠠᠵᠤ ᠦᠢᠯᠡᠰ᠎ᠤᠨ ᠬᠦᠷᠢᠶᠡᠯᠡᠩ ᠲᠣᠭᠣᠷᠢᠭ᠂ ᠣᠲᠣ ᠦᠶ᠎ᠡ ᠵᠢᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠵᠡᠷᠭᠡ ᠵᠢ ᠵᠢᠭ᠋ᠠᠵᠤ ᠪᠣᠶ ᠃
ᠠᠵᠤ ᠦᠢ᠍ᠯᠡᠰ᠎ᠤᠨ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠡᠳᠡᠭᠦᠯᠬᠦ᠎ᠳᠤ ᠳᠣᠣᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
1. ᠲᠣᠭᠲᠠᠮᠠᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠯᠠᠪᠤᠷ (ᠦᠵᠡᠭᠦᠯᠦᠯᠭᠡ ᠵᠢᠨ ᠲᠢᠩᠬᠢᠮ)᠎ᠲᠠᠢ ᠪᠠᠢ᠌ᠵᠤ᠂ ᠲᠠᠯᠠᠪᠠᠶ ᠵᠢ 500 ᠲᠡᠭᠰᠢ ᠳᠥᠷᠪᠡᠯᠵᠢᠨ ᠮᠧᠲᠷ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠶ;
2. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠦᠨ᠎ᠡ ᠃ ᠳᠡᠯᠭᠡᠨ ᠦᠵᠡᠭᠦᠯᠵᠦ ᠪᠠᠢᠭ᠎ᠠ ᠮᠡᠷᠭᠡᠵᠢᠯ ᠪᠤᠶᠤ ᠭᠠᠷ ᠤᠷᠠᠯᠠᠯ᠎ᠤᠨ ᠶᠠᠪᠤᠴᠠ᠎ᠨᠢ ᠠᠳᠠᠯᠢ ᠠᠵᠢᠯ ᠲᠥᠷᠥᠯ᠎ᠳᠤ ᠲᠡᠷᠢᠭᠦᠯᠡᠬᠦ ᠪᠠᠢ᠌ᠷᠢᠨ᠎ᠳᠤ ᠪᠠᠢᠬᠤ ᠪᠤᠶᠤ ᠬᠡᠪᠴᠢᠶᠡᠲᠦ ᠵᠢᠱ᠌ᠢᠶ᠎ᠡ ᠦᠵᠡᠭᠦᠯᠬᠦ ᠴᠢᠨᠠᠷᠲᠠᠢ;
3. ᠠᠮᠤᠷ ᠲᠦᠪᠰᠢᠨ ᠲᠣᠭᠣᠷᠢᠨ ᠦᠵᠡᠬᠦ ᠵᠠᠮ ᠪᠠ ᠢᠵᠢ ᠪᠦᠷᠢᠳᠦᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠢᠯᠡᠳᠬᠡᠮᠵᠢ ᠲᠡᠮᠳᠡᠭ᠎ᠲᠠᠢ᠂ ᠣᠨᠴᠠᠯᠢᠭ᠎ᠢ ᠢᠯᠡᠷᠡᠭᠦᠯᠦᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠢ᠌ᠯᠪᠤᠷᠢᠯᠠᠯᠲᠠ ᠦᠭᠡ᠎ᠲᠠᠢ ᠪᠠᠢ᠌ᠬᠤ;
4. 2 ᠨᠡᠷᠡᠰ᠎ᠠᠴᠠ ᠳᠡᠭᠡᠭᠰᠢ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠠᠢ᠌ᠯᠪᠤᠷᠢᠯᠠᠭᠴᠢ ᠲᠣᠬᠢᠷᠠᠭᠤᠯᠬᠤ ᠬᠡᠷᠡᠭᠲᠡᠶ;
5. ᠨᠡᠢ᠌ᠭᠡᠮ ᠨᠡᠢ᠌ᠲᠡ᠎ᠳᠤ ᠬᠠᠨᠳᠤᠭᠤᠯᠤᠨ ᠨᠡᠭᠡᠭᠡᠯᠲᠡ ᠬᠢᠬᠦ᠎ᠳᠤ 100 ᠡᠳᠦᠷ᠎ᠠᠴᠠ ᠳᠤᠲᠠᠭᠤ ᠦᠭᠡᠶ ᠪᠠᠢ᠌ᠯᠭ᠋ᠠᠵᠤ᠂ ᠵᠢᠯ ᠪᠦᠷᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠬᠦᠯᠢᠶᠡᠨ ᠠᠪᠤᠭᠴᠢᠳ᠎ᠢ 5000 ᠬᠥᠮᠦᠨ ᠤᠳᠠᠭ᠎ᠠ᠎ᠠᠴᠠ ᠳᠤᠲᠠᠭᠤ ᠦᠭᠡᠶ ᠪᠠᠢ᠌ᠯᠭ᠋ᠠᠬᠤ ᠬᠡᠷᠡᠭᠲᠡᠶ ᠃
(ᠲᠠᠪᠤ) ᠵᠣᠬᠢᠶᠠᠨ ᠪᠦᠲᠦᠭᠡᠬᠦ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ
ᠢ ᠰᠤᠳᠤᠯᠤᠨ ᠨᠡᠭᠡᠭᠡᠨ᠎ᠡ ᠃
ᠰᠤᠳᠤᠯᠤᠨ ᠨᠡᠭᠡᠭᠡᠵᠦ ᠵᠣᠬᠢᠶᠠᠨ ᠪᠦᠲᠦᠭᠡᠬᠦ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠥᠬᠥᠭᠡᠷᠦᠮᠵᠢ᠂ ᠦᠵᠡᠭᠦᠯᠦᠯᠭᠡ ᠵᠢᠨ ᠡᠳ᠋᠂ ᠵᠢᠭ᠋ᠠᠨ ᠰᠤᠷᠭ᠋ᠠᠯᠲᠠ ᠵᠢᠨ ᠪᠠᠭ᠋ᠠᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠦᠢᠯᠡᠳᠬᠦᠨ᠎ᠢ ᠰᠤᠳᠤᠯᠤᠨ ᠨᠡᠭᠡᠭᠡᠵᠦ ᠬᠥᠭᠵᠢᠭᠦᠯᠬᠦ ᠪᠤᠶᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠲᠦᠭᠡᠯ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠪᠦᠲᠦᠭᠡᠯ᠎ᠢ ᠪᠦᠲᠦᠭᠡᠯᠴᠢ᠎ᠪᠠᠷ ᠦᠢᠯᠡᠳᠬᠦ ᠵᠡᠷᠭᠡ ᠵᠢ ᠵᠢᠭ᠋ᠠᠵᠤ ᠪᠠᠢ᠌ᠨ᠎ᠠ ᠃
ᠰᠤᠳᠤᠯᠤᠨ ᠨᠡᠭᠡᠭᠡᠵᠦ ᠵᠣᠬᠢᠶᠠᠨ ᠪᠦᠲᠦᠭᠡᠬᠦ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠭᠤᠶᠤᠴᠢᠯᠠᠨ ᠮᠡᠳᠡᠭᠦᠯᠬᠦ᠎ᠳᠤ ᠳᠣᠤᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
1. ᠲᠣᠭᠲᠠᠮᠠᠯ ᠲᠠᠯᠠᠪᠤᠷ ᠭᠠᠵᠠᠷ᠂ ᠬᠡᠮᠵᠢᠭᠦᠷᠯᠢᠭ ᠲᠥᠬᠥᠭᠡᠷᠦᠮᠵᠢ ᠵᠢᠴᠢ ᠪᠤᠰᠤᠳ ᠴᠢᠬᠤᠯᠠ ᠪᠦᠬᠦᠢ ᠰᠤᠳᠤᠯᠤᠨ ᠨᠡᠭᠡᠭᠡᠬᠦ ᠨᠥᠬᠥᠴᠡᠯ᠎ᠲᠠᠢ ᠪᠠᠢ᠌ᠬᠤ;
2. ᠰᠤᠳᠤᠯᠤᠨ ᠨᠡᠭᠡᠭᠡᠬᠦ ᠲᠣᠳᠣᠷᠬᠠᠢ ᠴᠢᠭᠯᠡᠯ ᠪᠠ ᠣᠨ᠎ᠤ ᠰᠤᠳᠤᠯᠤᠨ ᠨᠡᠭᠡᠭᠡᠬᠦ ᠲᠥᠯᠥᠪᠯᠡᠭᠡ᠎ᠲᠠᠢ ᠪᠠᠢ᠌ᠬᠤ;
3. ᠰᠤᠳᠤᠯᠤᠨ ᠨᠡᠭᠡᠭᠡᠬᠦ ᠠᠵᠢᠯᠲᠠᠨ᠎ᠢ 5 ᠨᠡᠷᠡᠰ᠎ᠠᠴᠠ ᠳᠤᠲᠠᠭᠤ ᠦᠭᠡᠶ ᠪᠠᠢ᠌ᠯᠭ᠋ᠠᠬᠤ ᠬᠡᠷᠡᠭᠲᠡᠶ;
4. ᠵᠢᠯ ᠪᠦᠷᠢ ᠵᠢᠨ ᠣᠷᠣᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠦᠢ᠍ᠯᠡᠳᠬᠦᠨ᠎ᠤ ᠰᠤᠳᠤᠯᠤᠨ ᠨᠡᠭᠡᠭᠡᠬᠦ ᠵᠠᠷᠤᠳᠠᠯ᠎ᠢ ᠲᠤᠰ ᠨᠢᠭᠡᠴᠢ ᠵᠢᠨ ᠰᠤᠳᠤᠯᠤᠨ ᠨᠡᠭᠡᠭᠡᠬᠦ ᠵᠠᠷᠤᠳᠠᠯ᠎ᠤᠨ 10 %᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ;
5. ᠵᠢᠯ ᠪᠦᠷᠢ ᠵᠢᠨ ᠰᠤᠳᠤᠯᠤᠨ ᠨᠡᠭᠡᠭᠡᠭᠰᠡᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠲᠥᠬᠥᠭᠡᠷᠦᠮᠵᠢ᠂ ᠳᠡᠯᠭᠡᠨ ᠦᠵᠡᠭᠦᠯᠬᠦ ᠵᠦᠢ᠍ᠯ᠂ ᠵᠢᠭ᠋ᠠᠨ ᠰᠤᠷᠭ᠋ᠠᠬᠤ ᠪᠠᠭ᠋ᠠᠵᠢ ᠵᠡᠷᠭᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠦᠢ᠍ᠯᠡᠳᠬᠦᠨ᠎ᠢ 3᠎ᠠᠴᠠ ᠳᠤᠲᠠᠭᠤ ᠦᠭᠡᠶ ᠪᠠᠢ᠌ᠯᠭ᠋ᠠᠬᠤ ᠵᠢᠨ ᠬᠠᠮᠲᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ᠎ᠳᠤ ᠪᠣᠳᠠᠲᠠᠶ ᠬᠡᠷᠡᠭᠯᠡᠬᠦ ᠬᠡᠷᠡᠭᠲᠡᠶ ᠃
(ᠵᠢᠷᠭᠤᠭ᠎ᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠯᠠᠮᠵᠢᠯᠠᠬᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠯᠠᠮᠵᠢᠯᠠᠬᠤ ᠲᠥᠷᠥᠯ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠭᠡᠳᠡᠭ᠎ᠨᠢ ᠣᠷᠣᠨ ᠪᠦᠰᠡ ᠵᠢᠨ ᠬᠠᠮᠤᠷᠬᠤ ᠴᠢᠳᠠᠪᠤᠷᠢ ᠪᠤᠶᠤ ᠥᠷᠭᠡᠨ ᠳᠡᠯᠭᠡᠷ ᠨᠡᠢ᠌ᠭᠡᠮ᠎ᠤᠨ ᠨᠥᠯᠥᠭᠡᠯᠡᠬᠦ ᠬᠦᠴᠦᠨ᠎ᠲᠠᠢ ᠪᠠᠢ᠌ᠵᠤ᠂ ᠡᠯᠧᠺᠲᠷᠣᠨ ᠵᠠᠭᠤᠴᠢᠯᠠᠭᠤᠷ (ᠬᠠᠷᠠᠭ᠋ᠠᠨ ᠳᠠᠪᠲᠠᠮᠵᠢ᠂ ᠰᠢᠭᠤᠳ ᠨᠡᠪᠲᠡᠷᠡᠭᠦᠯᠭᠡ᠂ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ)᠂ ᠬᠡᠪᠯᠡᠯ᠎ᠤᠨ ᠵᠠᠭᠤᠴᠢᠯᠠᠭᠤᠷ (ᠰᠣᠨᠢᠨ᠂ ᠰᠡᠳᠬᠦᠯ᠂ ᠨᠣᠮ ᠪᠢᠴᠢᠭ) ᠵᠡᠷᠭᠡ᠎ᠪᠠᠷ ᠠᠴᠢᠶᠠᠯᠠᠪᠤᠷᠢ ᠪᠣᠯᠭ᠋ᠠᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠨ᠎ᠡ ᠵᠠᠭᠤᠴᠢᠯᠠᠭᠤᠷ᠂ ᠰᠣᠨᠢᠨ᠎ᠤ ᠬᠣᠷᠢᠶ᠎ᠠ᠂ ᠰᠡᠳᠬᠦᠯ᠎ᠤᠨ ᠬᠣᠷᠢᠶ᠎ᠠ᠂ ᠬᠡᠪᠯᠡᠯ᠎ᠤᠨ ᠬᠣᠷᠢᠶ᠎ᠠ ᠵᠡᠷᠭᠡ ᠬᠡᠯᠪᠡᠷᠢ᠎ᠪᠠᠷ ᠳᠠᠮᠵᠢᠭᠤᠯᠤᠨ᠂ ᠣᠯᠠᠨ ᠨᠡᠢ᠌ᠲᠡ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠤᠬᠠᠭᠤᠯᠭ᠎ᠠ ᠵᠢᠨ ᠲᠠᠪᠴᠠᠩ ᠪᠤᠶᠤ ᠪᠠᠢ᠌ᠭᠤᠯᠤᠮᠵᠢ ᠵᠢ ᠵᠢᠭ᠋ᠠᠵᠤ ᠪᠤᠶ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠮᠵᠢᠭᠤᠯᠭ᠎ᠠ ᠵᠢᠨ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠭᠤᠶᠤᠴᠢᠯᠠᠨ ᠮᠡᠳᠡᠭᠦᠯᠬᠦ᠎ᠳᠤ ᠳᠣᠤᠷᠠᠬᠢ ᠲᠥᠷᠥᠯ ᠬᠤᠪᠢᠶᠠᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
1. ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠥᠪᠰᠢᠶᠡᠷᠡᠭᠰᠡᠨ ᠵᠠᠭᠤᠴᠢᠯᠠᠭᠤᠷ᠎ᠤᠨ ᠬᠢᠷᠢ ᠬᠡᠮ ᠪᠤᠶᠤ ᠬᠠᠮᠢᠶ᠎ᠠ ᠪᠥᠬᠥᠶ ᠪᠠᠢ᠌ᠭᠤᠯᠤᠮᠵᠢ ᠵᠢᠨ ᠡᠵᠡᠩᠨᠡᠯᠲᠡ ᠵᠢᠨ ᠵᠥᠪᠰᠢᠶᠡᠷᠡᠯ᠎ᠤᠨ ᠬᠢᠷᠢ ᠬᠡᠮ᠎ᠢ ᠪᠦᠷᠢᠯᠳᠦᠭᠦᠯᠦᠭᠰᠡᠨ ᠪᠠᠢ᠌ᠬᠤ;
2. ᠵᠣᠬᠢᠬᠤ ᠰᠠᠭᠤᠷᠢ᠎ᠲᠠᠢ᠂ ᠲᠣᠭᠲᠠᠮᠠᠯ ᠪᠤᠯᠤᠩ ᠪᠤᠶᠤ ᠬᠡᠪᠯᠡᠯ᠎ᠤᠨ ᠨᠢᠭᠤᠷ᠎ᠲᠠᠢ ᠪᠠᠢ᠌ᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠮᠡᠳᠡᠯᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠨᠢᠨ ᠮᠡᠳᠡᠭᠡ᠂ ᠰᠢᠨ᠎ᠡ ᠵᠢ ᠡᠭᠦᠳᠬᠦ ᠰᠣᠶᠣᠯ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠡᠷᠭᠡ ᠬᠠᠮᠢᠶ᠎ᠠ ᠪᠥᠬᠥᠶ ᠠᠭᠤᠯᠭ᠎ᠠ᠎ᠳᠤ ᠤᠬᠠᠭᠤᠯᠭ᠎ᠠ ᠬᠢᠬᠦ ᠵᠢᠨ ᠬᠠᠮᠲᠤ᠂ ᠴᠠᠭ ᠲᠤᠬᠠᠶ᠎ᠳᠤᠨᠢ ᠰᠢᠨᠡᠳᠬᠡᠬᠦ ᠬᠡᠷᠡᠭᠲᠡᠶ;
3. ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠭᠤᠯᠭ᠎ᠠ ᠵᠢ ᠤᠬᠠᠭ᠋ᠠᠯᠠᠨ ᠰᠡᠳᠦᠬᠦ᠂ ᠦᠢ᠍ᠯᠡᠳᠬᠦ᠂ ᠨᠠᠢ᠌ᠷᠠᠭᠤᠯᠬᠤ ᠵᠡᠷᠭᠡ ᠡᠭᠦᠷᠭᠡ ᠴᠢᠳᠠᠪᠤᠷᠢ ᠵᠢ ᠲᠤᠰᠬᠠᠢ᠌ᠯᠠᠨ ᠬᠢᠵᠦ ᠪᠠᠢ᠌ᠭ᠎ᠠ ᠰᠠᠯᠠᠭ᠎ᠠ ᠮᠥᠴᠢᠷ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠤᠰᠬᠠᠢ ᠪᠠ ᠲᠤᠰᠢᠶᠠᠯ ᠬᠠᠪᠰᠤᠷᠭ᠋ᠠᠭᠰᠠᠨ 3 ᠨᠡᠷᠡᠰ ᠠᠵᠢᠯᠳᠠᠨ᠎ᠲᠠᠢ ᠪᠠᠢ᠌ᠬᠤ;
4. ᠵᠢᠯ ᠪᠦᠷᠢ ᠠᠩᠬ᠎ᠠ ᠡᠭᠦᠳᠦᠭᠰᠡᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠷᠤᠭ ᠦᠰᠦᠭ᠎ᠨᠢ 50᠎ᠠᠴᠠ ᠳᠤᠲᠠᠭᠤ ᠦᠭᠡᠶ ᠪᠠᠢ᠌ᠬᠤ᠂ ᠡᠰᠡᠬᠦᠯ᠎ᠡ ᠠᠩᠬ᠎ᠠ ᠡᠭᠦᠳᠦᠭᠰᠡᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠨᠣᠮ ᠪᠢᠴᠢᠭ᠎ᠤᠨ ᠬᠡᠪᠯᠡᠯ᠎ᠨᠢ 1 ᠳᠡᠪᠲᠡᠷ᠎ᠠᠴᠠ ᠳᠤᠲᠠᠭᠤ ᠦᠭᠡᠶ ᠪᠠᠢ᠌ᠬᠤ᠂ ᠡᠰᠡᠬᠦᠯ᠎ᠡ ᠠᠩᠬ᠎ᠠ ᠡᠭᠦᠳᠦᠭᠰᠡᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠳᠠᠭᠤᠨ ᠳᠠᠪᠲᠠᠮᠵᠢ᠂ ᠬᠠᠷᠠᠭ᠋ᠠᠨ ᠳᠠᠪᠲᠠᠮᠵᠢ᠂ ᠰᠢᠭᠤᠳ ᠨᠡᠪᠲᠡᠷᠡᠭᠦᠯᠭᠡ᠎ᠨᠢ 50 (ᠤᠳᠠᠭ᠎ᠠ)᠎ᠠᠴᠠ ᠳᠤᠲᠠᠭᠤ ᠦᠭᠡᠶ ᠪᠠᠢ᠌ᠬᠤ;
5. ᠠᠩᠬ᠎ᠠ ᠡᠭᠦᠳᠦᠭᠰᠡᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠭᠤᠯᠭ᠎ᠠ ᠵᠢ ᠭᠣᠤᠯ ᠲᠠᠪᠴᠠᠩ᠎ᠳᠤ ᠳᠠᠮᠵᠢᠭᠤᠯᠵᠤ᠂ ᠵᠢᠯ ᠪᠦᠷᠢ ᠬᠠᠮᠤᠷᠬᠤ ᠬᠥᠮᠦᠨ᠎ᠤ ᠲᠣᠭ᠎ᠠ ᠵᠢ 30 ᠲᠦᠮᠡᠨ ᠬᠥᠮᠦᠨ ᠤᠳᠠᠭ᠎ᠠ᠎ᠠᠴᠠ ᠳᠤᠲᠠᠭᠤ ᠦᠭᠡᠶ ᠪᠠᠢ᠌ᠯᠭ᠋ᠠᠨ᠎ᠠ ᠃
ᠭᠤᠷᠪᠠᠳᠤᠭ᠋ᠠᠷ ᠪᠦᠯᠦᠭ ᠮᠡᠳᠡᠭᠦᠯᠬᠦ ᠪᠠ ᠦᠨᠡᠮᠰᠢᠬᠦ
ᠳᠣᠯᠣᠳᠤᠭ᠋ᠠᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠭᠤᠶᠤᠴᠢᠯᠠᠨ ᠮᠡᠳᠡᠭᠦᠯᠬᠦ ᠪᠠ ᠦᠨᠡᠮᠰᠢᠬᠦ ᠠᠵᠢᠯ᠎ᠢ ᠬᠣᠶᠠᠷ ᠵᠢᠯ᠎ᠳᠤ ᠨᠢᠭᠡ ᠤᠳᠠᠭ᠎ᠠ ᠶᠠᠪᠤᠭᠳᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ ᠃
(ᠨᠢᠭᠡ) ᠮᠡᠳᠡᠭᠦᠯᠬᠦ ᠃ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠢᠨᠠᠬᠤ ᠪᠠ ᠪᠠᠲᠤᠯᠠᠨ ᠲᠠᠨᠢᠯᠴᠠᠭᠤᠯᠬᠤ ᠠᠵᠢᠯ᠎ᠢ ᠬᠠᠷᠢᠭᠤᠴᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠶ᠎ᠠ ᠨᠢᠭᠡᠴᠡ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠨᠢᠭᠡᠴᠡ᠎ᠨᠦᠭᠦᠳ ᠮᠡᠳᠡᠭᠦᠯᠬᠦ ᠮᠠᠲ᠋ᠧᠷᠢᠶᠠᠯ ᠵᠶ᠋ᠠᠨ ᠰᠢᠭᠤᠳ ᠮᠡᠳᠡᠭᠦᠯᠦᠨ ᠬᠦᠷᠭᠡᠵᠦ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠲᠤ ᠬᠦᠷᠦᠭᠦᠯᠬᠦ ᠬᠡᠷᠡᠭᠲᠡᠶ ᠃ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠲᠤᠷᠠᠨ ᠭᠤᠶᠤᠴᠢᠯᠠᠨ ᠮᠡᠳᠡᠭᠦᠯᠬᠦ᠎ᠳᠤ ᠨᠢᠭᠡᠨ ᠭᠣᠤᠯ ᠲᠦᠰᠢᠭ ᠪᠣᠯᠬᠤ ᠨᠢᠭᠡᠴᠡ ᠵᠢ ᠵᠢᠭ᠋ᠠᠨ ᠲᠣᠭᠲᠠᠭ᠋ᠠᠬᠤ ᠬᠡᠷᠡᠭᠲᠡᠶ ᠃
ᠲᠣᠰ ᠠᠷᠭ᠎ᠠ ᠵᠢᠨ ᠭᠤᠶᠤᠴᠢᠯᠠᠨ ᠮᠡᠳᠡᠭᠦᠯᠬᠦ ᠬᠡᠪᠴᠢᠶ᠎ᠡ ᠪᠠ ᠨᠥᠬᠥᠴᠡᠯ᠎ᠳᠤ ᠨᠡᠢ᠌ᠴᠡᠬᠦ ᠨᠢᠭᠡᠴᠡ ᠪᠦᠬᠦᠨ ᠴᠥᠮ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠫᠤᠷᠲ᠋ᠧᠯ ᠰᠦᠯᠵᠢᠶ᠎ᠡ᠎ᠪᠠᠷ ᠳᠡᠮᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠮᠠᠭ᠋ᠠᠳᠯᠠᠨ ᠲᠣᠭᠲᠠᠭ᠋ᠠᠬᠤ ᠭᠤᠶᠤᠴᠢᠯᠠᠯ᠎ᠤᠨ ᠪᠢᠴᠢᠭ》᠎ᠢ ᠪᠠᠭᠤᠯᠭ᠋ᠠᠨ ᠠᠪᠴᠤ ᠲᠠᠭᠯᠠᠨ ᠮᠡᠳᠡᠭᠦᠯᠵᠦ᠂ ᠬᠠᠮᠢᠶ᠎ᠠ ᠪᠥᠬᠥᠶ ᠭᠡᠷᠡᠴᠢᠯᠡᠯ ᠬᠢᠬᠦ ᠮᠠᠲ᠋ᠧᠷᠢᠶᠠᠯ ᠬᠠᠩᠭ᠋ᠠᠬᠤ ᠵᠢᠨ ᠬᠠᠮᠲᠤ᠂ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠪᠠ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠢ ᠪᠠᠲᠤᠯᠠᠬᠤ ᠬᠡᠷᠡᠭᠲᠡᠶ ᠃
(ᠬᠣᠶᠠᠷ) ᠬᠦᠯᠢᠶᠡᠨ ᠠᠪᠴᠤ ᠰᠢᠢᠳᠪᠦᠷᠢᠯᠡᠬᠦ ᠃ ᠮᠡᠳᠡᠭᠦᠯᠬᠦ ᠨᠢᠭᠡᠴᠡ ᠵᠢᠨ ᠮᠡᠳᠡᠭᠦᠯᠬᠦ ᠮᠠᠲ᠋ᠧᠷᠢᠶᠠᠯ᠎ᠢ ᠪᠠᠢ᠌ᠭ᠎ᠠ ᠠᠢ᠌ᠮᠠᠭ ᠬᠣᠲᠠ ᠵᠢᠨ ᠵᠶ᠋ᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠪᠤᠶᠤ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠨᠢᠭᠡᠳᠦᠯᠲᠡᠶ ᠮᠡᠳᠡᠭᠦᠯᠦᠨ ᠬᠦᠷᠭᠡᠨ᠎ᠡ ᠃
ᠨᠠᠢᠮᠠᠳᠤᠭ᠋ᠠᠷ ᠵᠦᠢᠯ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ ᠃
(ᠨᠢᠭᠡ) ᠬᠢᠨᠠᠨ ᠲᠣᠭᠲᠠᠭ᠋ᠠᠬᠤ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠲᠤᠰ ᠠᠷᠭ᠎ᠠ᠎ᠳᠤ ᠲᠣᠭᠲᠠᠭ᠋ᠠᠭᠰᠠᠨ ᠭᠤᠶᠤᠴᠢᠯᠠᠨ ᠮᠡᠳᠡᠭᠦᠯᠬᠦ ᠨᠥᠬᠥᠴᠡᠯ᠎ᠢ ᠦᠨᠳᠦᠰᠦᠯᠡᠨ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠲᠥᠷᠥᠯ ᠢᠯᠭ᠋ᠠᠯ᠎ᠢ ᠦᠨᠳᠦᠰᠦᠯᠡᠨ 5 - 9 ᠲᠤᠰᠬᠠᠶ ᠮᠡᠷᠭᠡᠵᠢᠯᠲᠡᠨ᠎ᠢ ᠰᠢᠯᠢᠨ ᠰᠣᠩᠭᠣᠵᠤ᠂ ᠡᠷᠬᠡ ᠲᠡᠭᠰᠢ᠂ ᠲᠥᠪ ᠭᠣᠣᠯᠴᠢ ᠪᠠᠢ᠌ᠬᠤ ᠵᠠᠷᠴᠢᠮ᠎ᠤᠨ ᠶᠣᠰᠣᠭ᠋ᠠᠷ᠂ ᠭᠤᠶᠤᠴᠢᠯᠠᠨ ᠮᠡᠳᠡᠭᠦᠯᠦᠭᠰᠡᠨ ᠮᠠᠲ ᠧᠷᠢᠶᠠᠯ᠎ᠳᠤ ᠬᠢᠨᠠᠨ ᠲᠣᠭᠲᠠᠭ᠋ᠠᠯᠲᠠ ᠬᠢᠵᠦ᠂ ᠰᠢᠯᠢᠳᠡᠭ᠎ᠢ᠎ᠨᠢ ᠰᠣᠩᠭᠣᠨ ᠬᠢᠨᠠᠨ ᠲᠣᠭᠲᠠᠭ᠋ᠠᠨ᠎ᠠ ᠃ ᠴᠢᠬᠤᠯᠠᠲᠠᠢ ᠦᠶ᠎ᠡ᠎ᠳᠤ ᠬᠠᠮᠢᠶ᠎ᠠ ᠪᠦᠬᠦᠢ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠯᠲᠠ ᠬᠢᠵᠦ ᠪᠣᠯᠤᠨ᠎ᠠ ᠃
(ᠬᠣᠶᠠᠷ) ᠵᠠᠷᠯᠠᠨ ᠨᠡᠢ᠌ᠲᠡᠯᠡᠬᠦ ᠃ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠲᠢᠩᠬᠢᠮ᠎ᠤᠨ ᠫᠤᠷᠲ᠋ᠧᠯ ᠰᠦᠯᠵᠢᠶᠡᠨ ᠳᠡᠭᠡᠷ᠎ᠡ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ ᠃ ᠣᠨᠳᠣᠣ ᠰᠠᠨᠠᠯ᠎ᠲᠠᠢ ᠪᠣᠯ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠦᠨᠡᠨ ᠨᠡᠷ᠎ᠡ᠎ᠪᠠᠷ ᠵᠶ᠋ᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠪᠢᠴᠢᠭ ᠵᠶ᠋ᠡᠷ ᠳᠤᠷᠠᠳᠬᠤ ᠵᠢᠨ ᠬᠠᠮᠲᠤ ᠴᠢᠬᠤᠯᠠ ᠪᠦᠬᠦᠢ ᠭᠡᠷᠡᠴᠢᠯᠡᠬᠦ ᠮᠠᠲ ᠧᠷᠢᠶᠠᠯ ᠬᠠᠩᠭ᠋ᠠᠵᠤ᠂ ᠬᠤᠭᠤᠴᠠᠭ᠎ᠠ ᠬᠡᠲᠦᠷᠡᠭᠰᠡᠨ ᠪᠠ ᠨᠡᠷ᠎ᠡ ᠪᠤᠷᠤᠭᠤᠯᠠᠭᠰᠠᠨ ᠣᠨᠳᠣᠣ ᠰᠠᠨᠠᠯ᠎ᠢ ᠬᠦᠯᠢᠶᠡᠨ ᠠᠪᠴᠤ ᠰᠢᠢᠳᠪᠦᠷᠢᠯᠡᠬᠦ ᠦᠭᠡᠶ ᠃
(ᠭᠤᠷᠪᠠ) ᠦᠨᠡᠮᠰᠢᠬᠦ ᠃ ᠨᠡᠢ᠌ᠲᠡ᠎ᠳᠤ ᠵᠠᠷᠯᠠᠭᠰᠠᠨ ᠬᠤᠭᠤᠴᠠᠭ᠎ᠠ᠎ᠨᠢ ᠳᠠᠭᠤᠰᠤᠭ᠋ᠠᠳ ᠣᠨᠳᠣᠤ ᠰᠠᠨᠠᠯ ᠥᠬᠡᠶ ᠪᠤᠶᠤ ᠪᠠᠢ᠌ᠴᠠᠭ᠋ᠠᠭᠰᠠᠨ ᠣᠨᠳᠣᠤ ᠰᠠᠨᠠᠯ᠎ᠨᠢ ᠲᠣᠭᠲᠠᠵᠤ ᠳᠡᠢ᠌ᠯᠬᠦ ᠥᠬᠡᠶ ᠪᠣᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》᠎ᠤᠨ ᠫᠠᠢ᠌ᠰᠠ ᠣᠯᠭᠣᠵᠤ᠂ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠣᠯᠬᠤ ᠵᠢ ᠮᠠᠭ᠋ᠠᠳᠯᠠᠨ ᠲᠣᠭᠲᠠᠭ᠋ᠠᠵᠤ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠳᠠᠬᠢᠨ ᠬᠢᠨᠠᠭᠤᠯᠬᠤ ᠬᠡᠷᠡᠭᠲᠡᠶ ᠃
ᠳᠥᠷᠪᠡᠳᠦᠭᠡᠷ ᠪᠦᠯᠦᠭ ᠠᠵᠢᠯᠯᠠᠭ᠋ᠠᠨ᠎ᠤ ᠱᠠᠭ᠋ᠠᠷᠳᠠᠯᠭ᠎ᠠ
ᠶᠢᠰᠦᠳᠦᠭᠡᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠲᠤᠰ ᠪᠡᠶ᠎ᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠴᠢᠳᠠᠪᠤᠷᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠴᠢ ᠠᠵᠢᠯ᠎ᠤᠨ ᠳᠦᠷᠢᠮ ᠵᠶ᠋ᠡᠨ ᠲᠡᠭᠦᠯᠳᠡᠷᠵᠢᠭᠦᠯᠦᠨ᠂ ᠲᠤᠰ ᠪᠡᠶ᠎ᠡ ᠵᠢᠨ ᠣᠨᠴᠠᠯᠢᠭ ᠵᠶ᠋ᠠᠨ ᠭᠦᠢᠴᠡᠳ ᠪᠠᠳᠠᠷᠠᠭᠤᠯᠵᠤ᠂ ᠢᠯᠠᠩᠭᠤᠶ᠎ᠠ ᠦᠨᠳᠦᠰᠦᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠴᠢᠬᠤᠯᠠᠴᠢᠯᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠣᠯᠤᠨ ᠪᠠᠲᠤᠯᠠᠨ ᠲᠠᠨᠢᠯᠴᠠᠭᠤᠯᠬᠤ ᠨᠢᠭᠡᠴᠢ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢ ᠬᠦᠯᠢᠶᠡᠨ ᠠᠪᠴᠤ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠤᠨ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ᠎ᠪᠠᠨ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ ᠃
ᠠᠷᠪᠠᠳᠤᠭ᠋ᠠᠷ ᠵᠦᠢᠯ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠵᠢᠯ ᠪᠦᠷᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠋ᠠᠨ᠎ᠤ ᠭᠠᠷᠠᠭ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠴᠢᠬᠤᠯᠠ ᠶᠡᠬᠡ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢᠨ ᠬᠤᠭᠤᠴᠠᠭ᠋ᠠᠨ᠎ᠳᠤ ᠣᠨᠴᠠᠯᠢᠭ ᠪᠦᠬᠦᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠢ᠌ᠭᠤᠯᠤᠨ ᠥᠷᠨᠢᠭᠦᠯᠵᠦ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠪᠠ ᠤᠬᠠᠭᠤᠯᠤᠨ ᠳᠡᠯᠭᠡᠷᠡᠭᠦᠯᠬᠦ ᠠᠵᠢᠯ᠎ᠢ ᠰᠠᠨᠠᠭ᠋ᠠᠴᠢᠯᠠᠭ᠎ᠠ᠎ᠠᠴᠠ᠎ᠪᠠᠨ ᠰᠠᠢ᠌ᠲᠤᠷ ᠬᠢᠵᠦ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢᠯᠡᠳᠦᠯ᠎ᠢ ᠢᠳᠡᠪᠬᠢᠲᠡᠶ ᠪᠠᠳᠠᠷᠠᠭᠤᠯᠬᠤ ᠬᠡᠷᠡᠭᠲᠡᠶ ᠃
ᠠᠷᠪᠠᠨ ᠨᠢᠭᠡᠳᠦᠭᠡᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠨᠢᠭᠡᠴᠢ᠎ᠳᠡᠭᠡᠨ ᠲᠦᠰᠢᠭᠯᠡᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢ ᠬᠠᠷᠢᠭᠤᠴᠠᠵᠤ᠂ ᠵᠠᠷᠤᠳᠠᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠪᠤᠰᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠦᠨᠳᠦᠰᠦᠨ ᠨᠥᠬᠥᠴᠡᠯ᠎ᠤᠨ ᠪᠠᠲᠤᠯᠠᠭ᠎ᠠ ᠵᠢ ᠬᠠᠩᠭ᠋ᠠᠨ᠎ᠠ ᠃
ᠲᠠᠪᠤᠳᠤᠭ᠋ᠠᠷ ᠪᠦᠯᠦᠭ ᠬᠠᠮᠢᠶᠠᠷᠤᠯᠲᠠ ᠦᠢ᠍ᠯᠡᠴᠢᠯᠡᠭᠡ ᠃
ᠠᠷᠪᠠᠨ ᠬᠣᠶᠠᠳᠤᠭ᠋ᠠᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ ᠵᠢ ᠬᠠᠷᠢᠭᠤᠴᠠᠵᠤ᠂ ᠡᠯ᠎ᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠠᠵᠢᠯ᠎ᠤᠨ ᠪᠠᠢ᠌ᠴᠠᠭ᠋ᠠᠯᠲᠠ ᠵᠢ ᠴᠢᠩᠭ᠋ᠠᠳᠬᠠᠨ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯ ᠥᠷᠨᠢᠭᠦᠯᠬᠦ ᠵᠢ ᠵᠢᠷᠤᠮᠵᠢᠭᠤᠯᠤᠨ ᠵᠢᠯᠣᠭᠣᠳᠴᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠴᠢᠳᠠᠪᠤᠷᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ ᠃
ᠠᠷᠪᠠᠨ ᠭᠤᠷᠪᠠᠳᠤᠭ᠋ᠠᠷ ᠵᠦᠢᠯ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠶ᠎ᠠ ᠣᠷᠣᠨ᠎ᠤ᠎ᠪᠠᠨ ᠳᠣᠲᠣᠷᠠᠬᠢ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠬᠠᠷᠢᠶ᠎ᠠ ᠣᠷᠣᠨᠵᠢᠭᠤᠯᠤᠨ ᠬᠠᠮᠢᠶᠠᠷᠤᠯᠲᠠ ᠬᠢᠵᠦ᠂ ᠬᠡᠪᠰᠢᠭᠰᠡᠨ ᠪᠠᠢ᠌ᠴᠠᠭ᠋ᠠᠯᠲᠠ ᠵᠢᠨ ᠲᠣᠭᠲᠠᠴᠠ ᠵᠢ ᠪᠠᠢ᠌ᠭᠤᠯᠤᠨ᠂ ᠡᠳᠦᠷ ᠲᠤᠲᠤᠮ᠎ᠤᠨ ᠬᠠᠮᠢᠶᠠᠷᠤᠯᠲᠠ ᠵᠢ ᠥᠷᠨᠢᠭᠦᠯᠬᠦ ᠬᠡᠷᠡᠭᠲᠡᠶ ᠃
ᠠᠷᠪᠠᠨ ᠳᠥᠷᠪᠡᠳᠦᠭᠡᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠦᠨ᠎ᠡ ᠃ ᠮᠠᠭ᠋ᠠᠳᠯᠠᠨ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ ᠪᠣᠯᠤᠨ᠎ᠠ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠳᠠᠬᠢᠨ ᠬᠢᠨᠠᠵᠤ ᠦᠨᠡᠯᠡᠨ ᠵᠢᠱ᠌ᠢᠬᠦ ᠬᠡᠷᠡᠭᠲᠡᠶ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠳᠠᠬᠢᠨ ᠬᠢᠨᠠᠵᠤ ᠦᠨᠡᠯᠡᠨ ᠵᠢᠱ᠌ᠢᠬᠦ ᠮᠡᠳᠡᠭᠳᠡᠯ ᠪᠠ ᠦᠨᠡᠯᠡᠨ ᠵᠢᠱ᠌ᠢᠬᠦ ᠨᠡᠷᠡᠰ᠎ᠢ ᠨᠡᠢ᠌ᠲᠡᠯᠡᠪᠡ ᠃ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠦᠨᠡᠯᠡᠨ ᠲᠣᠭᠲᠠᠭ᠋ᠠᠬᠤ᠎ᠳᠤ ᠣᠷᠣᠯᠴᠠᠬᠤ᠎ᠳᠤ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠦᠬᠦᠢ ᠮᠠᠲ᠋ᠧᠷᠢᠶᠠᠯ᠎ᠢ ᠪᠡᠯᠡᠳᠬᠡᠵᠦ᠂ ᠪᠠᠲᠤᠯᠠᠨ ᠲᠠᠨᠢᠯᠴᠠᠭᠤᠯᠬᠤ ᠰᠠᠯᠠᠭ᠎ᠠ ᠮᠥᠴᠢᠷ ᠵᠶ᠋ᠡᠷ ᠬᠢᠨᠠᠭᠤᠯᠤᠭᠰᠠᠨᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ ᠃
ᠠᠷᠪᠠᠨ ᠲᠠᠪᠤᠳᠤᠭ᠋ᠠᠷ ᠵᠦᠢᠯ ᠳᠠᠬᠢᠨ ᠬᠢᠨᠠᠬᠤ ᠠᠷᠭ᠎ᠠ ᠮᠠᠶᠢᠭ᠎ᠲᠤ ᠬᠤᠷᠠᠯ᠎ᠤᠨ ᠬᠢᠨᠠᠨ ᠲᠣᠭᠲᠠᠭ᠋ᠠᠬᠤ ᠪᠠ ᠪᠣᠳᠠᠲᠠᠶ ᠭᠠᠵᠠᠷ᠎ᠲᠤᠨᠢ ᠬᠢᠨᠠᠨ ᠪᠠᠢ᠌ᠴᠠᠭ᠋ᠠᠬᠤ ᠬᠣᠶᠠᠷ ᠱᠠᠲᠤ ᠦᠶ᠎ᠡ ᠪᠠᠭᠲᠠᠨ᠎ᠠ ᠃
(ᠨᠢᠭᠡ) ᠬᠤᠷᠠᠯ ᠵᠶ᠋ᠠᠷ ᠬᠢᠨᠠᠨ ᠲᠣᠭᠲᠠᠭ᠋ᠠᠨ᠎ᠠ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠬᠠᠮᠢᠶ᠎ᠠ ᠪᠦᠬᠦᠢ ᠠᠵᠢᠯ ᠲᠥᠷᠥᠯ᠎ᠤᠨ ᠬᠦᠷᠢᠶᠡᠨ᠎ᠤ ᠮᠡᠷᠭᠡᠵᠢᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠎ᠢ ᠰᠣᠩᠭᠣᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠮᠡᠳᠡᠭᠦᠯᠦᠨ ᠬᠦᠷᠭᠡᠭᠰᠡᠨ ᠦᠨᠡᠯᠡᠨ ᠵᠢᠱ᠌ᠢᠭᠰᠡᠨ ᠮᠠᠲ᠋ᠧᠷᠢᠶᠠᠯ᠎ᠢ ᠰᠢᠯᠭ᠋ᠠᠷᠠᠭᠤᠯᠤᠨ᠎ᠠ ᠃
(ᠬᠣᠶᠠᠷ) ᠲᠤᠬᠠᠶ ᠵᠢᠨ ᠭᠠᠵᠠᠷ᠎ᠲᠤᠨᠢ ᠬᠢᠨᠠᠨ ᠪᠠᠢ᠌ᠴᠠᠭ᠋ᠠᠬᠤ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠬᠡᠰᠡᠭ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠰᠣᠩᠭᠣᠵᠤ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠬᠡᠷᠡᠭᠲᠡᠶ ᠃
ᠠᠷᠪᠠᠨ ᠵᠢᠷᠭᠤᠳᠤᠭ᠋ᠠᠷ ᠵᠦᠢᠯ ᠳᠠᠬᠢᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ᠎ᠢ 《ᠰᠢᠯᠢᠳᠡᠭ᠂ ᠰᠠᠢ᠌ᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠶ》 ᠭᠡᠵᠦ ᠳᠥᠷᠪᠡᠨ ᠳᠡᠰ ᠬᠤᠪᠢᠶᠠᠨ᠎ᠠ ᠃ ᠡᠭᠦᠨ᠎ᠳᠤ᠂ ᠬᠤᠪᠢ ᠵᠢᠨ ᠬᠡᠮᠵᠢᠭᠳᠡᠯ᠎ᠨᠢ 85 - 100 ᠬᠤᠪᠢ ᠪᠣᠯ ᠰᠢᠯᠢᠳᠡᠭ᠂ 70 - 85 (ᠪᠠᠭᠲᠠᠬᠤ ᠦᠭᠡᠢ) ᠬᠤᠪᠢ ᠪᠣᠯ ᠰᠠᠢ᠌ᠨ᠂ ᠬᠤᠪᠢ ᠵᠢᠨ ᠬᠡᠮᠵᠢᠭᠳᠡᠯ᠎ᠨᠢ 60 - 70 (ᠪᠠᠭᠲᠠᠬᠤ ᠦᠭᠡᠢ) ᠬᠤᠪᠢ ᠪᠣᠯ ᠬᠢᠷᠢ ᠲᠡᠩᠴᠡᠭᠰᠡᠨ᠂ 60 (ᠪᠠᠭᠲᠠᠬᠤ ᠦᠭᠡᠢ) ᠬᠤᠪᠢ᠎ᠠᠴᠠ ᠳᠣᠷᠣᠭᠰᠢ ᠪᠣᠯ ᠬᠢᠷᠢ ᠲᠡᠩᠴᠡᠭᠰᠡᠨ ᠦᠭᠡᠢ ᠃
(ᠨᠢᠭᠡ) ᠵᠠᠷᠤᠳᠠᠯ᠎ᠤᠨ ᠳᠡᠮᠵᠢᠯᠭᠡ
ᠲᠤᠬᠠᠶ ᠵᠢᠨ ᠵᠢᠯ᠎ᠤᠨ ᠳᠠᠬᠢᠨ ᠬᠢᠨᠠᠵᠤ ᠦᠨᠡᠯᠡᠨ ᠵᠢᠱ᠌ᠢᠭᠰᠡᠨ ᠶᠡᠷᠦᠩᠬᠡᠶ ᠲᠣᠭ᠎ᠠ ᠵᠢᠨ 30 %᠎ᠠᠴᠠ ᠬᠡᠲᠦᠷᠡᠬᠦ ᠥᠬᠡᠶ᠂ ᠳᠠᠬᠢᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠡᠷ ᠰᠢᠯᠢᠳᠡᠭ ᠪᠣᠯᠬᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠲᠤ ᠬᠠᠮᠤᠭ᠎ᠤᠨ ᠥᠨᠳᠥᠷ᠎ᠲᠡᠭᠡᠨ 20 ᠲᠦᠮᠡᠨ ᠲᠥᠭᠥᠷᠢᠭ᠎ᠤᠨ ᠵᠠᠷᠤᠳᠠᠯ᠎ᠤᠨ ᠳᠡᠮᠵᠢᠯᠭᠡ ᠦᠵᠡᠭᠦᠯᠵᠦ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ᠎ᠳᠤ ᠬᠡᠷᠡᠭᠯᠡᠨ᠎ᠡ ᠃ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠨᠢ ᠵᠠᠷᠤᠳᠠᠯ ᠰᠦᠢ᠍ᠳᠬᠡᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠭᠠᠷᠠᠭ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠳᠦᠷ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠴᠢᠬᠤᠯᠠ ᠶᠡᠬᠡ ᠣᠯᠠᠨ ᠲᠦᠮᠡᠨᠴᠢ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ᠎ᠳᠤ ᠬᠡᠷᠡᠭᠯᠡᠵᠦ ᠪᠣᠯᠤᠨ᠎ᠠ ᠃ ᠵᠠᠷᠤᠳᠠᠯ᠎ᠢ ᠴᠠᠯᠢᠩ᠎ᠤᠨ ᠴᠢᠨᠠᠷᠲᠠᠶ ᠣᠷᠣᠯᠭ᠎ᠠ᠎ᠲᠠᠢ ᠬᠥᠮᠦᠰ᠎ᠤᠨ ᠴᠠᠯᠢᠩ᠂ ᠱᠠᠩᠨᠠᠯ᠎ᠤᠨ ᠮᠥᠩᠭᠥ᠂ ᠨᠡᠮᠡᠭᠦᠷᠢ ᠮᠥᠩᠭᠥ ᠨᠥᠬᠥᠪᠥᠷᠢ ᠮᠥᠩᠭᠥ ᠪᠠ ᠠᠰᠠᠷᠠᠮᠵᠢ ᠵᠡᠷᠭᠡ ᠵᠠᠷᠤᠯᠭ᠎ᠠ ᠵᠢ ᠵᠠᠷᠤᠴᠠᠭᠤᠯᠵᠤ ᠪᠣᠯᠬᠤ ᠦᠭᠡᠶ᠂ ᠵᠣᠭᠣᠰ ᠵᠶ᠋ᠠᠷ ᠲᠣᠷᠭ᠋ᠠᠬᠤ᠂ ᠪᠡᠯᠡᠭᠯᠡᠨ ᠬᠦᠷᠭᠡᠬᠦ᠂ ᠲᠤᠰᠠᠯᠠᠬᠤ᠂ ᠪᠡᠯᠡ ᠣᠷᠣᠭᠤᠯᠬᠤ ᠵᠡᠷᠭᠡ ᠵᠢ ᠵᠠᠷᠤᠴᠠᠭᠤᠯᠵᠤ ᠪᠣᠯᠬᠤ ᠦᠭᠡᠶ᠂ ᠶᠠᠮᠠᠷᠪᠠ ᠠᠷᠭ᠎ᠠ ᠮᠠᠶᠢᠭ ᠵᠶ᠋ᠠᠷ ᠬᠤᠪᠢ ᠵᠢᠨ ᠠᠰᠢᠭ ᠣᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ ᠃ ᠲᠦᠰᠢᠭ ᠨᠢᠭᠡᠴᠡ᠎ᠨᠢ ᠶᠠᠮᠠᠷᠪᠠ ᠨᠡᠷ᠎ᠡ᠎ᠪᠠᠷ ᠵᠠᠷᠤᠳᠠᠯ᠎ᠤᠨ ᠳᠣᠲᠣᠷ᠎ᠠ᠎ᠠᠴᠠ ᠬᠠᠮᠢᠶᠠᠷᠤᠯᠲᠠ ᠵᠢᠨ ᠰᠦᠢᠳᠬᠡᠯ ᠭᠠᠷᠭ᠋ᠠᠨ ᠠᠪᠴᠤ ᠪᠣᠯᠬᠤ ᠥᠬᠡᠶ ᠃
(ᠬᠣᠶᠠᠷ) ᠬᠤᠭᠤᠴᠠᠭ᠎ᠠ ᠲᠣᠭᠲᠠᠭ᠋ᠠᠨ ᠴᠡᠭᠴᠡᠯᠡᠨ ᠵᠠᠰᠠᠭᠤᠯᠬᠤ ᠬᠡᠷᠡᠭᠲᠡᠶ ᠃
ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠄ 《br /》 ᠃
1. ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠳᠠᠬᠢᠨ ᠬᠢᠨᠠᠭᠰᠠᠨ ᠮᠠᠲ᠋ᠧᠷᠢᠶᠠᠯ ᠵᠶ᠋ᠠᠨ ᠬᠤᠭᠤᠴᠠᠭ᠎ᠠ ᠶᠣᠰᠣᠭ᠋ᠠᠷ ᠲᠤᠰᠢᠶᠠᠭᠰᠠᠨ ᠦᠭᠡᠶ ᠪᠤᠶᠤ ᠳᠠᠬᠢᠨ ᠬᠢᠨᠠᠵᠤ ᠦᠨᠡᠯᠡᠨ ᠵᠢᠱ᠌ᠢᠭᠰᠡᠨ ᠦᠷ᠎ᠡ ᠳ᠋ᠦᠩ᠎ᠨᠢ ᠬᠢᠷᠢ ᠲᠡᠩᠴᠡᠭᠰᠡᠨ ᠦᠭᠡᠶ;
2. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠭᠤᠯᠭ᠎ᠠ᠎ᠨᠢ ᠬᠠᠭᠤᠴᠢᠷᠠᠭᠰᠠᠨ ᠪᠤᠶᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠪᠡᠯᠡᠳᠬᠡᠮᠵᠢ᠎ᠨᠢ ᠬᠠᠭᠤᠴᠢᠷᠠᠵᠤ᠂ ᠬᠡᠪ᠎ᠤᠨ ᠶᠣᠰᠣᠭ᠋ᠠᠷ ᠠᠵᠢᠯᠯᠠᠬᠤ ᠪᠠ ᠭᠠᠳᠠᠭ᠋ᠠᠳᠤ ᠨᠡᠭᠡᠭᠡᠯᠲᠡ ᠬᠢᠵᠦ ᠳᠡᠢ᠌ᠯᠬᠦ ᠦᠭᠡᠶ ᠪᠣᠯᠤᠭᠰᠠᠨ;
3. ᠦᠵᠡᠭᠴᠢᠳ ᠳᠡᠯᠭᠡᠨ ᠦᠵᠡᠭᠦᠯᠬᠦ ᠨᠥᠬᠥᠴᠡᠯ᠂ ᠬᠦᠯᠢᠶᠡᠨ ᠠᠪᠴᠤ ᠦᠢ᠍ᠯᠡᠴᠢᠯᠡᠬᠦ ᠬᠢᠷᠢ ᠬᠡᠮᠵᠢᠶ᠎ᠡ ᠵᠡᠷᠭᠡ᠎ᠳᠤ ᠰᠠᠨᠠᠯ ᠶᠡᠬᠡᠲᠡᠶ ᠮᠥᠷᠲᠡᠭᠡᠨ ᠮᠠᠭᠤ ᠨᠥᠯᠥᠭᠡ ᠦᠵᠡᠭᠦᠯᠦᠭᠰᠡᠨ;
4. ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠵᠤ ᠳᠡᠢ᠌ᠯᠬᠦ ᠦᠭᠡᠶ ᠃
ᠴᠡᠭᠴᠡᠯᠡᠨ ᠰᠠᠢ᠌ᠵᠢᠷᠠᠭᠤᠯᠬᠤ ᠬᠤᠭᠤᠴᠠᠭ᠎ᠠ ᠬᠢᠵᠠᠭ᠋ᠠᠷ᠎ᠨᠢ ᠨᠢᠭᠡ ᠵᠢᠯ ᠪᠣᠯᠤᠨ᠎ᠠ᠂ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠨᠢ ᠬᠢᠷᠢ ᠲᠡᠩᠴᠡᠭᠰᠡᠨ ᠪᠠᠢ᠌ᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》 ᠵᠶ᠋ᠠᠷ ᠦᠷᠭᠦᠯᠵᠢᠯᠡᠨ ᠮᠠᠭ᠋ᠠᠳᠯᠠᠨ ᠲᠣᠭᠲᠠᠭ᠋ᠠᠨ᠎ᠠ ᠃
(ᠭᠤᠷᠪᠠ) ᠬᠢᠷᠢ ᠬᠡᠮ
ᠢ ᠬᠦᠴᠦᠨ ᠦᠭᠡᠢ ᠪᠣᠯᠭ᠋ᠠᠨ᠎ᠠ ᠃ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》᠎ᠤᠨ ᠨᠡᠷᠡᠢ᠌ᠳᠦᠯ᠎ᠢ ᠬᠦᠴᠦᠨ ᠥᠬᠡᠶ ᠪᠣᠯᠭ᠋ᠠᠵᠤ᠂ 3 ᠵᠢᠯ᠎ᠤᠨ ᠳᠣᠲᠣᠷ᠎ᠠ ᠳᠠᠬᠢᠨᠲᠠ ᠮᠡᠳᠡᠭᠦᠯᠵᠦ ᠪᠣᠯᠬᠤ ᠥᠬᠡᠶ᠄
1. ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠴᠢᠳᠠᠮᠵᠢ᠎ᠪᠠᠨ ᠨᠢᠭᠡᠨᠲᠡ ᠠᠯᠳᠠᠭᠰᠠᠨ ᠪᠤᠶᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠮᠥᠷᠲᠡᠭᠡᠨ ᠬᠤᠪᠢᠷᠠᠯᠲᠠ ᠭᠠᠷᠤᠭᠰᠠᠨ᠎ᠤ ᠳᠠᠷᠠᠭ᠎ᠠ ᠲᠤᠰ ᠠᠷᠭ᠎ᠠ ᠵᠢᠨ ᠦᠨᠡᠮᠰᠢᠬᠦ ᠨᠥᠬᠥᠴᠡᠯ᠎ᠳᠤ ᠨᠡᠢ᠌ᠴᠡᠬᠦ ᠦᠭᠡᠶ ᠪᠠᠢ᠌ᠵᠤ᠂ ᠲᠤᠰᠬᠠᠶ ᠮᠡᠷᠭᠡᠵᠢᠯᠲᠡᠨ ᠵᠶ᠋ᠡᠷ ᠬᠢᠨᠠᠨ ᠵᠥᠪᠯᠡᠭᠦᠯᠵᠦ᠂ ᠰᠢᠨᠵᠢᠯᠡᠨ ᠪᠠᠢ᠌ᠴᠠᠭ᠋ᠠᠭᠰᠠᠨ᠎ᠤ ᠳᠠᠷᠠᠭ᠎ᠠ ᠴᠣᠯᠠ᠎ᠪᠠᠨ ᠬᠦᠴᠦᠨ ᠦᠭᠡᠶ ᠪᠣᠯᠭ᠋ᠠᠬᠤ᠎ᠪᠠᠷ ᠰᠠᠨᠠᠭᠤᠯᠭ᠎ᠠ ᠭᠠᠷᠭ᠋ᠠᠭᠰᠠᠨ;
2. ᠴᠡᠭᠴᠡᠯᠡᠨ ᠥᠭᠡᠷᠡᠴᠢᠯᠡᠬᠦ ᠵᠢ ᠲᠡᠪᠴᠢᠭᠰᠡᠨ᠂ ᠡᠰᠡᠬᠦᠯ᠎ᠡ ᠴᠡᠭᠴᠡᠯᠡᠨ ᠥᠭᠡᠷᠡᠴᠢᠯᠡᠭᠰᠡᠨ᠎ᠤ ᠳᠠᠷᠠᠭ᠎ᠠ ᠮᠥᠨ ᠯᠡ ᠨᠥᠬᠥᠴᠡᠯ᠎ᠳᠤ ᠨᠡᠢ᠌ᠴᠡᠬᠦ ᠥᠬᠡᠶ ᠪᠠᠢ᠌ᠬᠤ;
3. ᠭᠤᠶᠤᠴᠢᠯᠠᠨ ᠮᠡᠳᠡᠭᠦᠯᠵᠦ ᠮᠠᠭ᠋ᠠᠳᠯᠠᠨ ᠲᠣᠭᠲᠠᠭ᠋ᠠᠬᠤ᠂ ᠳᠠᠬᠢᠨ ᠬᠢᠨᠠᠬᠤ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠡᠷᠭᠡ ᠦᠢᠯᠡ ᠠᠵᠢᠯᠯᠠᠭ᠎ᠠ᠎ᠲᠠᠢ ᠪᠠᠢ᠌ᠬᠤ;
4. ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠬᠦᠨᠳᠦ ᠶᠡᠬᠡ ᠡᠨᠳᠡᠯ ᠭᠠᠷᠴᠤ᠂ ᠤᠯᠤᠰ᠂ ᠥᠪᠡᠷᠲᠡᠭᠡᠨ ᠵᠠᠰᠠᠬᠤ ᠣᠷᠣᠨ ᠪᠤᠶᠤ ᠬᠣᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠲᠣᠷᠭ᠋ᠠᠭᠳᠠᠭᠰᠠᠨ;
5. ᠭᠠᠵᠢᠭᠤ ᠨᠣᠮᠯᠠᠯ᠂ ᠹᠧᠣᠳᠠᠯ᠎ᠤᠨ ᠮᠤᠬᠤᠷ ᠪᠢᠰᠢᠷᠡᠯ᠎ᠢ ᠤᠬᠠᠭᠤᠯᠤᠭᠰᠠᠨ ᠪᠤᠶᠤ ᠰᠢᠨᠵᠢᠯᠡᠬᠦ ᠤᠬᠠᠭ᠋ᠠᠨ᠎ᠤ ᠡᠰᠡᠷᠭᠦᠦ᠂ ᠬᠠᠭᠤᠷᠮᠠᠭ ᠰᠢᠨᠵᠢᠯᠡᠬᠦ ᠤᠬᠠᠭ᠋ᠠᠨ᠎ᠤ ᠠᠵᠢᠯᠯᠠᠭ᠎ᠠ ᠬᠢᠭᠰᠡᠨ;
6. ᠣᠯᠠᠨ ᠨᠡᠢ᠌ᠲᠡ ᠵᠢᠨ ᠠᠰᠢᠭ ᠲᠤᠰᠠ ᠵᠢ ᠬᠣᠬᠢᠷᠠᠭᠤᠯᠤᠭᠰᠠᠨ ᠪᠤᠶᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠢ᠌ᠬᠤ;
7. ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠤᠶᠤ ᠪᠠᠲᠤᠯᠠᠨ ᠲᠠᠨᠢᠯᠴᠠᠭᠤᠯᠤᠭᠰᠠᠨ ᠨᠢᠭᠡᠴᠡ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠣᠯᠭ᠎ᠠ ᠪᠠ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠡᠭᠦᠷᠭᠡ ᠵᠢ ᠥᠯᠥ ᠭᠥᠯᠢᠶᠡᠨ ᠠᠪᠤᠭᠰᠠᠨ;
8. ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠢᠭᠤᠴᠠ ᠵᠢ ᠵᠠᠳᠠᠷᠠᠭᠤᠯᠤᠭᠰᠠᠨ ᠪᠤᠶᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠤᠭᠰᠠᠨ ᠬᠡᠷᠡᠭ ᠭᠠᠷᠤᠭᠰᠠᠨ ᠃
ᠠᠷᠪᠠᠨ ᠳᠣᠯᠣᠳᠤᠭ᠋ᠠᠷ ᠵᠦᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠣᠳᠠᠲᠤ ᠬᠡᠷᠡᠭᠴᠡᠭᠡ ᠪᠠ ᠨᠥᠬᠥᠴᠡᠯ᠎ᠢ ᠦᠨᠳᠦᠰᠦᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠴᠢᠨᠠᠷ ᠰᠠᠢ᠌ᠲᠠᠶ ᠬᠥᠭᠵᠢᠯᠲᠡ ᠵᠢ ᠳᠡᠮᠵᠢᠵᠦ᠂ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠢ ᠲᠠᠨᠢᠯᠴᠠᠭᠤᠯᠬᠤ ᠬᠡᠷᠡᠭᠲᠡᠶ ᠃ ᠡᠯ᠎ᠡ ᠬᠣᠰᠢᠭᠤ ᠰᠢᠶᠠᠨ ᠲᠣᠭᠣᠷᠢᠭ᠎ᠤᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠲᠠᠨᠢᠯᠴᠠᠭᠤᠯᠤᠨ ᠮᠡᠳᠡᠭᠦᠯᠬᠦ ᠵᠢ ᠵᠣᠷᠢᠭᠵᠢᠭᠤᠯᠤᠨ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠠᠵᠢᠯ ᠲᠥᠷᠥᠯ᠂ ᠲᠤᠰ ᠬᠦᠷᠢᠶᠡᠨ᠎ᠤ᠎ᠪᠠᠨ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠡᠭᠦᠳᠦᠨ ᠪᠠᠢ᠌ᠭᠤᠯᠬᠤ ᠵᠢ ᠪᠣᠢ᠌ᠵᠢᠭᠤᠯᠤᠨ ᠳᠡᠮᠵᠢᠬᠦ ᠬᠡᠷᠡᠭᠲᠡᠶ ᠃
ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠲᠣᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠰᠢᠨᠵᠢᠯᠡᠬᠦ ᠤᠬᠠᠭ᠋ᠠᠨ ᠮᠡᠷᠭᠡᠵᠢᠯ ᠲᠠᠷᠬᠠᠭ᠋ᠠᠭᠰᠠᠨ ᠵᠠᠰᠠᠭ ᠥᠰᠥᠭ [2018]6 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ ᠃